ᠣᠶᠢᠷ᠎ᠠ ᠳᠤ ᠂ ᠭᠦᠶᠡᠩ ᠰᠢᠶᠠᠨ ᠳᠤ ᠪᠠᠶᠢᠬᠤ ᠪᠤᠭᠤᠲᠤ ᠬᠤᠲᠠ ᠶᠢᠨ ᠲᠠᠯ᠎ᠠ ᠨᠤᠲᠤᠭ ᠤᠨ ᠪᠠᠢ ᠶᠢᠩ | ᠲᠠᠷᠢᠶᠠᠯᠠᠩ ᠠᠯ ᠠᠵᠤ ᠠᠬᠤᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠠᠮᠵᠢᠯᠲᠠ ᠲᠠᠢ | ᠦᠨᠡᠯᠡᠭᠳᠡᠪᠡ ᠃ ᠡᠭᠦᠨ᠎ᠡ ᠭᠦᠶᠠᠩ ᠰᠢᠶᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠨᠢᠨ ᠤ | ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠢ ᠶᠢᠨ ︽ᠰᠢᠪᠲᠤᠯᠤᠯᠲᠠ︾ ᠶᠢ ᠡᠭᠦᠳᠪᠡ ᠃ | ᠲᠤᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠨᠢᠨ ᠤ ᠭᠤᠣᠯᠯᠠᠬᠤ ᠡᠭᠦᠯᠳᠡᠷ ᠪᠤᠶᠢᠵᠢᠭᠤᠯᠬᠤ | ᠲᠠᠯᠠᠪᠠᠢ ᠶᠢ ᠠᠮᠵᠢᠯᠲᠠ ᠲᠠᠢ ᠮᠠᠭᠠᠳᠯᠠᠨ ᠲᠣᠭᠲᠠᠭᠠᠭᠰᠠᠨ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ ᠠᠴᠠ ᠪᠤᠭᠤᠲᠤ ᠬᠤᠲᠠ ᠶᠢᠨ ᠭᠦᠶᠡᠩ ᠰᠢᠶᠠᠨ ᠤ ᠠᠯᠠᠰᠢᠨ ᠬᠤᠨᠢᠨ ᠤ ᠡᠭᠦᠯᠳᠡᠷ | ᠰᠠᠶᠢᠵᠢᠷᠠᠭᠤᠯᠵᠤ ᠪᠤᠶᠢᠵᠢᠭᠤᠯᠬᠤ ᠠᠵᠢᠯ ᠢ ᠨᠤᠲᠠᠯᠠᠭᠰᠠᠨ ᠪᠥᠭᠡᠳ ᠭᠦᠶᠡᠩ ᠰᠢᠶᠠᠨ ᠤ ᠡᠭᠦᠯᠳᠡᠷ ᠤᠨ ᠡᠬᠢ | ᠪᠠᠶᠠᠯᠢᠭ ᠤᠨ ᠬᠠᠮᠠᠭᠠᠯᠠᠯᠲᠠ ᠵᠢᠴᠢ ᠮᠠᠯ ᠵᠢᠭᠦᠷᠲᠡᠨ ᠤ ᠳᠠᠪᠠᠭᠤᠯᠢᠭ ᠣᠨᠴᠠᠯᠢᠭᠲᠤ ᠡᠭᠦᠯᠳᠡᠷ ᠪᠤᠶᠢᠵᠢᠭᠤᠯᠬᠤ ᠠᠵᠢᠯ ᠢ | ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠂ ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠪᠠᠰᠠ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠶᠢ ᠪᠤᠶᠢᠵᠢᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠭᠦᠶᠡᠩ ᠰᠢᠶᠠᠨ ᠤ ᠮᠠᠯ ᠵᠢᠭᠦᠷᠲᠡᠨ ᠤ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠵᠢᠴᠢ ᠭᠦᠶᠡᠩ ᠰᠢᠶᠠᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠠ ᠬᠦᠴᠦᠨ ᠨᠡᠮᠡᠷᠢᠯᠡᠬᠦ ᠪᠣᠯᠤᠨ᠎ᠠ᠃ |