ᠥᠷᠭᠡᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠠᠴᠠ ᠨᠡᠶᠢᠭᠡᠮ ᠤᠨ ᠡᠯ᠎ᠡ | ᠡᠲᠡᠭᠡᠳ ᠠᠴᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠯᠡ ᠪᠠᠷ | ᠴᠤᠭᠯᠠᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠡᠯᠰᠡᠬᠦ ᠴᠠᠭ | 2024 ᠣᠨ ᠤ 10 ᠰᠠᠷ᠎ᠠ ᠶᠢᠨ 21 ᠤ ᠡᠳᠦᠷ ᠠᠴᠠ 11 ᠰᠠᠷ᠎ᠠ ᠶᠢᠨ 21 ᠤ ᠡᠳᠦᠷ | ᠬᠤᠶᠠᠷ᠂ ᠡᠯᠰᠡᠬᠦ ᠠᠭᠤᠯᠭ᠎ᠠ ᠪᠠ ᠬᠦᠷᠢᠶ᠎ᠡ ᠬᠡᠪᠴᠢᠶ᠎ᠡ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠨᠢ ᠭᠤᠣᠯᠳᠠᠭᠤ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠣᠷᠣᠭᠤᠯᠤᠯᠲᠠ ᠪᠠᠷ ᠭᠤᠣᠯ ᠪᠣᠯᠭᠠᠵᠤ᠂ ᠵᠠᠰᠠᠭ ᠤᠨ | ᠣᠷᠳᠣᠨ ᠠᠴᠠ ᠰᠢᠶᠠᠨ ᠤ ᠬᠡᠪᠴᠢᠶᠡᠨ ᠳᠣᠲᠣᠷ᠎ᠠ ᠬᠡᠷᠡᠭᠵᠢᠭᠦᠯᠦᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠥᠭᠡᠳ ᠨᠡᠶᠢᠭᠡᠮ ᠤᠨ ᠦᠷ᠎ᠡ ᠠᠰᠢᠭ ᠢᠶᠠᠷ ᠨᠡᠯᠢᠶᠡᠳ ᠲᠣᠪᠤᠶᠢᠮ᠎ᠠ | ᠠᠷᠠᠳ ᠤᠨ ᠠᠮᠢᠳᠤᠷᠠᠯ ᠤᠨ ᠲᠥᠷᠥᠯ ᠤᠨ ᠣᠯᠠᠨ ᠨᠡᠶᠢᠲᠡ ᠶᠢᠨ ᠦᠢᠯᠡᠰ ᠤᠨ ᠲᠥᠷᠥᠯ ᠵᠦᠢᠯ ᠪᠣᠯᠤᠨ᠎ᠠ᠃ | ᠡᠭᠦᠨ ᠳᠤ ᠳᠣᠣᠷᠠᠬᠢ ᠠᠭᠤᠯᠭ᠎ᠠ ᠶᠢ ᠭᠤᠣᠯᠳᠠᠯᠭ᠎ᠠ ᠲᠠᠢ ᠪᠠᠭᠲᠠᠭᠠᠨ᠎ᠠ᠄ | ︵ᠨᠢᠭᠡ︶ ᠠᠵᠢᠯ ᠤᠯᠭᠤᠵᠤ ᠦᠢᠯᠡᠰ ᠪᠤᠰᠬᠠᠬᠤ ᠦᠢᠯᠡᠴᠢᠯᠡᠭᠡᠨ ᠤ ᠲᠥᠷᠥᠯ᠃ ᠠᠵᠢᠯ ᠣᠯᠭᠤᠵᠤ ᠠᠳᠠᠯ | ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠠᠬᠢᠭᠤᠯᠤᠨ᠂ ᠠᠵᠢᠯ ᠣᠯᠭᠤᠬᠤ ᠶᠢ ᠬᠥᠲᠥᠯᠥᠨ ᠵᠢᠯᠣᠭᠤᠳᠬᠤ | ᠪᠣᠯᠪᠠᠰᠤᠷᠠᠭᠤᠯᠤᠯ ᠢ ᠥᠷᠨᠢᠭᠦᠯᠵᠦ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ ᠢ ᠴᠢᠩᠭᠠᠳᠬᠠᠨ᠂ ᠲᠥᠷᠥᠯ ᠵᠦᠢᠯ ᠤᠨ ᠨᠡᠭᠡᠭᠡᠨ ᠬᠥᠭᠵᠢᠭᠦᠯᠬᠦ᠂ ᠡᠷᠬᠢᠯᠡᠭᠰᠡᠨ | ᠠᠵᠢᠯ ᠤᠨ ᠪᠣᠯᠪᠠᠰᠤᠷᠠᠭᠤᠯᠤᠯ᠂ ᠠᠵᠢᠯ ᠣᠯᠭᠤᠬᠤ ᠶᠢ ᠲᠤᠰᠠᠯᠠᠬᠤ ᠵᠡᠷᠭᠡ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠳᠠᠯ ᠦᠢᠯᠡᠰ | ᠴᠣᠭᠴᠠᠯᠠᠵᠤ ᠠᠵᠢᠯ ᠣᠯᠭᠤᠬᠤ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ᠂ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠲᠡᠳᠬᠦᠬᠦ᠂ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠦᠢᠯᠡᠴᠢᠯᠡᠭᠡᠨ ᠤ ᠲᠠᠪᠴᠠᠩ ᠢ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠦᠷᠦᠯ᠃ ᠰᠤᠷᠭᠠᠨ | ᠬᠥᠮᠦᠵᠢᠯ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠤᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠪᠠᠲᠤᠯᠠᠵᠤ᠂ ᠵᠢᠭᠠᠨ | ᠰᠤᠷᠭᠠᠯᠲᠠ ᠶᠢᠨ ᠲᠥᠬᠦᠭᠡᠷᠦᠮᠵᠢ ᠶᠢ ᠳᠡᠰ ᠳᠡᠪᠰᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ | ᠪᠠ ᠰᠠᠭᠤᠷᠢ ᠰᠤᠷᠭᠠᠨ ᠬᠥᠮᠦᠵᠢᠯ ᠤᠨ ᠳᠡᠰ ᠳᠡᠪᠰᠢᠬᠦ ᠶᠢ ᠠᠬᠢᠭᠤᠯᠵᠤ᠂ ᠳᠤᠮᠳᠠ ᠵᠡᠷᠭᠡ ᠶᠢᠨ ᠰᠤᠷᠭᠠᠨ ᠬᠥᠮᠦᠵᠢᠯ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠲᠤᠷᠰᠢ ᠶᠢᠨ ᠰᠤᠷᠭᠠᠨ ᠬᠥᠮᠦᠵᠢᠯ ᠵᠡᠷᠭᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ︵ᠭᠤᠷᠪᠠ︶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ᠃ ᠬᠦᠨᠳᠦ ᠡᠪᠡᠳᠴᠢᠨ | ᠡᠮᠭᠡᠭ ᠢ ᠰᠡᠷᠭᠡᠶᠢᠯᠡᠨ ᠵᠠᠰᠠᠬᠤ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢ ᠴᠢᠩᠭᠠᠳᠬᠠᠨ᠂ ᠬᠤᠲᠠ ᠬᠥᠳᠡᠭᠡ ᠶᠢᠨ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ | ᠨᠡᠮᠡᠭᠳᠡᠭᠦᠯᠵᠦ᠂ ᠦᠨᠳᠦᠰᠦᠨ ᠱᠠᠲᠤᠨ ᠤ ᠡᠮᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ | ᠦᠢᠯᠡᠴᠢᠯᠡᠭᠡᠨ ᠤ ᠠᠷᠭ᠎ᠠ ᠮᠠᠶ᠋ᠢᠭ ᠢ ᠥᠭᠡᠷᠡᠴᠢᠯᠡᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠱᠠᠲᠤ ᠬᠤᠪᠢᠶᠠᠵᠤ ᠣᠨᠣᠰᠢᠯᠠᠨ ᠡᠮᠨᠡᠬᠦ | ᠦᠢᠯᠡᠴᠢᠯᠡᠭᠡᠨ ᠢ ᠢᠳᠡᠪᠬᠢᠲᠡᠢ ᠲᠦᠯᠬᠢᠨ ᠠᠬᠢᠭᠤᠯᠵᠤ᠂ ᠮᠤᠵᠢ ᠠᠯᠤᠰᠯᠠᠨ ᠣᠨᠳᠣᠣ ᠭᠠᠵᠠᠷ ᠡᠮᠨᠡᠭᠦᠯᠬᠦ ᠳᠤ ᠰᠢᠭᠤᠳ | ᠳ᠋ᠦᠩᠨᠡᠨ ᠪᠣᠳᠣᠬᠤ ᠬᠡᠪᠴᠢᠶ᠎ᠡ ᠶᠢ ᠥᠷᠭᠡᠳᠬᠡᠨ᠎ᠡ᠃ | ︵ᠳᠥᠷᠪᠡ︶ ᠬᠤᠲᠠ ᠬᠥᠳᠡᠭᠡ ᠶᠢᠨ ᠨᠡᠶᠢᠭᠡᠮ ᠤᠨ ᠪᠠᠲᠤᠯᠠᠭ᠎ᠠ ᠶᠢᠨ ᠲᠦᠷᠦᠯ᠃ ᠨᠡᠶᠢᠭᠡᠮ ᠤᠨ ᠪᠠᠲᠤᠯᠠᠭ᠎ᠠ ᠶᠢᠨ | ᠳᠦᠷᠢᠮ ᠢ ᠪᠦᠷᠢᠨᠰᠢᠭᠦᠯᠵᠦ᠂ ᠨᠡᠶᠢᠭᠡᠮ ᠤᠨ ᠳᠠᠭᠠᠳᠬᠠᠯ ᠤᠨ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠪᠠ ᠨᠠᠰᠤᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ | ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠬᠦᠴᠢᠷᠳᠡᠯᠲᠡᠢ ᠬᠥᠮᠦᠰ ᠤᠨ ᠦᠨᠳᠦᠰᠦᠨ ᠠᠵᠢᠯᠯᠠᠭ᠎ᠠ ᠶᠢ | ᠪᠠᠲᠤᠯᠠᠨ᠎ᠠ︔ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠢᠯᠠᠩᠭᠤᠶ᠎ᠠ ᠣᠷᠣᠯᠭ᠎ᠠ ᠪᠠᠭᠠᠲᠠᠢ ᠬᠥᠮᠦᠰ ᠤᠨ ᠣᠷᠣᠨ ᠰᠠᠭᠤᠴᠠ ᠶᠢᠨ | ᠨᠥᠬᠦᠴᠡᠯ ᠢ ᠰᠠᠶᠢᠵᠢᠷᠠᠭᠤᠯᠤᠨ᠎ᠠ᠃ | ︵ᠲᠠᠪᠤ︶ ᠠᠮᠢ ᠠᠬᠤᠢ ᠶᠢᠨ ᠣᠷᠴᠢᠨ ᠲᠤᠭᠤᠷᠢᠨ ᠢ ᠵᠠᠰᠠᠬᠤ ᠲᠥᠷᠥᠯ᠃ ᠬᠤᠲᠠ ᠬᠥᠳᠡᠭᠡ ᠶᠢᠨ ᠤᠰᠤᠨ ᠤ | ᠣᠷᠴᠢᠨ ᠲᠣᠭᠤᠷᠢᠨ᠂ ᠠᠭᠠᠷ ᠮᠠᠨᠳᠠᠯ ᠤᠨ ᠣᠷᠴᠢᠨ ᠲᠣᠭᠤᠷᠢᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ | ᠵᠡᠷᠭᠡ ᠬᠠᠮᠠᠭᠠᠯᠠᠯᠲᠠ ᠬᠢᠭᠡᠳ ᠵᠠᠰᠠᠯᠲᠠ ᠶᠢ ᠴᠢᠩᠭᠠᠳᠬᠠᠵᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ | ᠬᠤᠲᠠ ᠬᠥᠳᠡᠭᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠷᠢᠭᠤᠨ ᠴᠡᠪᠡᠷ ᠪᠠᠶᠢᠯᠭᠠᠬᠤ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠬᠥᠳᠡᠭᠡ ᠶᠢᠨ | ᠨᠣᠭᠤᠭᠠᠷᠠᠭᠤᠯᠵᠤ ᠣᠶᠢᠵᠢᠭᠤᠯᠬᠤ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ | ᠰᠠᠶᠢᠵᠢᠷᠠᠭᠤᠯᠤᠨ᠎ᠠ᠃ | ︵ᠵᠢᠷᠭᠤᠭ᠎ᠠ︶ ᠰᠠᠭᠤᠭᠠᠯᠢ ᠠᠷᠠᠳ ᠤᠨ ᠵᠠᠮ ᠬᠠᠷᠢᠯᠴᠠᠭ᠎ᠠ ᠭᠠᠳᠠᠭᠰᠢ ᠭᠠᠷᠬᠤ ᠲᠦᠷᠦᠯ᠃ ᠬᠤᠲᠠ | ᠬᠥᠳᠡᠭᠡ ᠶᠢᠨ ᠵᠠᠮ᠂ ᠲᠡᠷᠭᠡᠨ ᠵᠣᠭᠰᠣᠭᠠᠯ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠵᠡᠷᠭᠡ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠡᠭᠡᠭᠰᠢᠯᠡᠯᠲᠡ ᠶᠢ ᠲᠦᠷᠭᠡᠳᠬᠡᠵᠦ᠂ ᠬᠤᠲᠠ | ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠢᠰᠲ᠋ᠧᠮᠵᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠡᠷᠡᠭᠵᠢᠭᠦᠯᠬᠦ ᠶᠢ ᠪᠠᠲᠤᠯᠠᠨ᠂ ᠵᠠᠮ ᠬᠠᠷᠢᠯᠴᠠᠭᠠᠨ ᠤ | ᠲᠦᠭᠵᠢᠷᠡᠯ ᠢ ᠨᠠᠮᠳᠠᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠦᠨ᠎ᠡ᠃ | ︵ᠳᠣᠯᠤᠭ᠎ᠠ︶ ᠰᠣᠶᠣᠯ ᠲᠠᠮᠢᠷ ᠤᠨ ᠦᠢᠯᠡᠰ ᠤᠨ ᠲᠦᠷᠦᠯ᠃ ᠰᠣᠶᠣᠯ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠶᠡᠬᠡᠪᠡᠷ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠂ ᠬᠥᠳᠡᠭᠡ ᠲᠣᠰᠬᠤᠨ ᠤ ᠰᠣᠶᠣᠯ ᠤᠨ ᠤᠯᠠᠮᠵᠢᠯᠠᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ | ᠲᠣᠭᠤᠷᠢᠭ ᠤᠨ ᠰᠣᠶᠣᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠣᠯᠠᠨ ᠲᠦᠮᠡᠨ ᠤ ᠰᠣᠶᠣᠯ ᠪᠡᠶ᠎ᠡ ᠶᠢᠨ | ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ︵ᠨᠠᠢᠮᠠ︶ ᠨᠠᠰᠤᠲᠠᠨ ᠢ ᠠᠰᠠᠷᠠᠵᠤ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠥᠷᠥᠯ᠃ ᠬᠤᠲᠠ | ᠬᠥᠳᠡᠭᠡ ᠶᠢᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠪᠠᠶᠢᠭᠤᠯᠤᠮᠵᠢ᠂ ᠨᠡᠶᠢᠭᠡᠮ ᠲᠣᠭᠤᠷᠢᠭ ᠪᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡᠨ ᠤ ᠵᠢᠷᠤᠮᠵᠢᠭᠰᠠᠨ ᠬᠢᠷᠢ ᠬᠡᠮᠵᠢᠶ᠎ᠡ ᠪᠠ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠂ ᠨᠠᠰᠤᠲᠠᠶᠢᠴᠤᠳ ᠢ ᠰᠢᠨᠵᠢᠯᠡᠬᠦ ᠤᠬᠠᠭᠠᠨᠴᠢ ᠲᠦᠭᠡᠮᠡᠯᠵᠢᠭᠦᠯᠬᠦ ᠠᠵᠢᠯᠯᠠᠭ᠎ᠠ ᠶᠢ | ᠥᠷᠨᠢᠭᠦᠯᠵᠦ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠵᠡᠮᠳᠡᠭᠴᠦᠳ ᠤᠨ ᠣᠨᠴᠣᠭᠤᠢ ᠬᠡᠷᠡᠭᠴᠡᠭᠡ ᠱᠠᠭᠠᠷᠳᠠᠯᠭ᠎ᠠ ᠳᠤ ᠳᠣᠭᠢᠷᠬᠠᠰᠠᠨ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠰᠠᠭᠠᠳ ᠦᠭᠡᠢ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ︵ᠶᠢᠰᠦ︶ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠦᠷᠦᠯ᠃ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠮᠤᠷ ᠢ | ᠬᠠᠮᠠᠭᠠᠯᠠᠬᠤ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠬᠡᠷᠡᠭᠯᠡᠭᠡᠨ ᠤ ᠠᠮᠤᠷ ᠲᠦᠪᠰᠢᠨ ᠤ ᠪᠠᠲᠤᠯᠠᠭ᠎ᠠ ᠵᠡᠷᠭᠡ ᠰᠢᠰᠲ᠋ᠧᠮ ᠢ | ᠪᠦᠷᠢᠨᠰᠢᠭᠦᠯᠦᠨ᠎ᠡ︔ ᠢᠳᠡᠭᠡᠨ ᠪᠠ ᠡᠮ ᠤᠨ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠤ ᠠᠮᠤᠷ ᠲᠦᠪᠰᠢᠨ ᠤ ᠲᠤᠰᠬᠠᠢ | ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠠᠷᠪᠠ︶ ᠬᠤᠲᠠ ᠶᠢᠨ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠤ ᠲᠥᠷᠥᠯ᠃ | ᠬᠤᠲᠠ ᠶᠢᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠲᠠ ᠶᠢᠨ ᠳᠦᠷᠢ ᠲᠥᠷᠬᠦ ᠶᠢ ᠰᠢᠯᠢᠳᠡᠭᠵᠢᠭᠦᠯᠦᠨ᠎ᠡ︔ | ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠨᠣᠷᠮ᠎ᠠ ᠵᠢᠴᠢ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠵᠢᠭ ᠬᠤᠲᠠ ᠪᠠᠯᠭᠠᠰᠤ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠵᠢᠵᠢᠭ ᠲᠣᠭᠤᠷᠢᠭ ᠵᠡᠷᠭᠡ ᠶᠢ | ᠥᠭᠡᠷᠡᠴᠢᠯᠡᠨ ᠵᠠᠰᠠᠬᠤ ᠶᠢ ᠴᠢᠩᠭᠠᠳᠬᠠᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ | ᠶᠠᠪᠤᠳᠠᠯ ᠤᠨ ᠴᠡᠴᠡᠷᠯᠢᠭ᠂ ᠬᠦᠷᠢᠶᠡᠯᠡᠩ ᠲᠣᠭᠤᠷᠢᠭ ᠢ ᠨᠢᠭᠡ ᠴᠣᠭᠴᠠᠵᠢᠭᠤᠯᠤᠨ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠰᠢᠶᠠᠨ ᠤ ᠬᠤᠲᠠ ᠶᠢᠨ ᠭᠠᠳᠠᠭᠠᠳᠤ ᠳᠤ ᠭᠠᠷᠭᠠᠬᠤ | ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠶᠢᠨ ᠠᠩᠬᠠᠨ ᠤ ᠰᠠᠭᠤᠭᠳᠠᠯ ᠢ ᠰᠠᠶᠢᠵᠢᠷᠠᠭᠤᠯᠬᠤ ᠬᠡᠷᠡᠭᠲᠡᠢ᠃ | ︵ᠠᠷᠪᠠᠨ ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ | ᠲᠥᠷᠥᠯ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠬᠥᠳᠡᠭᠡ | ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠨ᠎ᠠ︔ ᠬᠥᠳᠡᠭᠡ ᠲᠣᠰᠬᠤᠨ ᠤ | ᠣᠨᠴᠠᠯᠢᠭ ᠪᠠ ᠬᠥᠳᠡᠭᠡ ᠲᠣᠰᠬᠤᠨ ᠤ ᠥᠩᠭᠡ ᠦᠵᠡᠮᠵᠢ ᠶᠢ ᠳᠣᠪᠤᠶᠢᠯᠭᠠᠵᠤ᠂ ᠲᠣᠰᠬᠤᠨ ᠤ ᠠᠷᠠᠳ ᠤᠨ | ᠪᠣᠯᠪᠠᠰᠤᠨ ᠤ ᠬᠡᠪ ᠪᠣᠯᠪᠠᠰᠤᠷᠠᠯ ᠪᠠ ᠬᠥᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠴᠤᠪᠤᠷᠠᠯ ᠢ ᠳᠥᠭᠦᠮᠴᠢᠯᠡᠨ᠂ ᠵᠠᠰᠠᠭ ᠤᠨ ᠶᠠᠪᠤᠳᠠᠯ ᠤᠨ ᠬᠦᠷᠢᠶᠡᠨ ᠳᠠᠬᠢ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠵᠤ᠂ ︽ | ᠬᠠᠷᠢᠯᠴᠠᠨ ᠬᠤᠯᠪᠣᠭᠠᠯᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠠᠬᠢᠭᠤᠯᠤᠨ᠂ | ᠴᠢᠨᠠᠷ ᠰᠠᠶᠢᠲᠠᠢ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ | ᠪᠣᠯᠭᠠᠨ᠎ᠠ᠃ | ︵ᠠᠷᠪᠠᠨ ᠭᠤᠷᠪᠠ︶ ᠪᠤᠰᠤᠳ ᠲᠠᠯ᠎ᠠ ᠪᠠᠷ᠃ ᠰᠢᠶᠠᠨ ᠤ ᠬᠤᠲᠠ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠡᠨ᠎ᠡ᠃ ᠨᠠᠰᠤᠨ ᠳᠤ | ᠦᠯᠦ ᠬᠦᠷᠦᠭᠰᠡᠳ ᠤᠨ ᠡᠷᠬᠡ ᠠᠰᠢᠭ ᠢ ᠪᠦᠲᠦᠮᠵᠢᠲᠡᠢ ᠪᠠᠲᠤᠯᠠᠵᠤ᠂ ᠦᠢᠯᠡᠴᠢᠯᠡᠭᠡᠨ ᠤ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ | ᠨᠠᠰᠤᠨ ᠳᠤ ᠦᠯᠦ ᠬᠦᠷᠦᠭᠰᠡᠳ ᠤᠨ ᠦᠢᠯᠡᠴᠢᠯᠡᠭᠡᠨ ᠤ ᠰᠢᠰᠲ᠋ᠧᠮ ᠵᠡᠷᠭᠡ ᠶᠢ ᠪᠦᠷᠢᠨᠰᠢᠭᠦᠯᠦᠨ᠎ᠡ᠃ | ᠭᠤᠷᠪᠠ᠂ ᠡᠯᠰᠡᠬᠦ ᠱᠠᠭᠠᠷᠳᠠᠯᠭ᠎ᠠ | 1. ᠲᠥᠷᠥᠯ ᠵᠦᠢᠯ ᠨᠢ ᠴᠢᠬᠤᠯᠠ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠬᠡᠷᠡᠭᠲᠡᠢ᠂ | ᠡᠩ ᠤᠨ ᠪᠠᠶᠢᠳᠠᠯ ᠳᠤ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠬᠤᠢ ᠪᠠᠶᠢᠳᠠᠯ᠂ ᠲᠥᠷᠥᠯ | ᠵᠦᠢᠯ ᠤᠨ ᠬᠡᠷᠡᠭᠵᠢᠭᠦᠯᠦᠯᠲᠡ ᠶᠢᠨ ᠠᠴᠢ ᠬᠤᠯᠪᠣᠭᠳᠠᠯ ᠵᠢᠴᠢ ᠵᠢᠱᠢᠭᠰᠡᠨ ᠬᠦᠷᠬᠦ ᠬᠠᠷᠠᠯᠲᠠ᠂ ᠲᠥᠷᠥᠯ ᠵᠦᠢᠯ ᠢ | ᠬᠡᠷᠡᠭᠵᠢᠭᠦᠯᠬᠦ ᠱᠠᠭᠠᠷᠳᠠᠯᠭ᠎ᠠ ᠵᠡᠷᠭᠡ ᠶᠢ ᠪᠠᠭᠲᠠᠭᠠᠬᠤ ᠬᠡᠷᠡᠭᠲᠡᠢ᠃ | 2. ᠲᠥᠷᠥᠯ ᠵᠦᠢᠯ ᠨᠢ ᠠᠷᠠᠳ ᠤᠨ ᠠᠮᠢᠳᠤᠷᠠᠯ ᠲᠠᠢ ᠣᠶᠢᠷᠠᠲᠤᠭᠤᠯᠵᠤ᠂ ᠣᠯᠠᠨ ᠲᠦᠮᠡᠨ ᠤ ᠡᠳᠦᠷ | ᠲᠤᠲᠤᠮ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠵᠤ᠂ ᠨᠡᠯᠢᠶᠡᠳ ᠶᠡᠭᠡ ᠬᠠᠮᠤᠷᠬᠤ | ᠬᠡᠪᠴᠢᠶ᠎ᠡ ᠪᠠ ᠠᠰᠢᠭ ᠬᠦᠷᠲᠡᠬᠦ ᠲᠠᠯ᠎ᠠ ᠲᠠᠢ᠃ | 3. ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ᠂ ᠪᠣᠯᠤᠮᠵᠢᠲᠤ ᠴᠢᠨᠠᠷ ᠲᠠᠢ ᠪᠠᠶᠢᠪᠠᠯ ᠮᠠᠨ ᠤ ᠰᠢᠶᠠᠨ ᠤ | ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠵᠤ᠂ ᠴᠢᠳᠠᠯ ᠤᠨ ᠬᠢᠷᠢ ᠪᠠᠷ ᠢᠶᠠᠨ ᠬᠢᠬᠦ ᠬᠡᠷᠡᠭᠲᠡᠢ᠃ | 4. ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠤ ᠲᠠᠯ᠎ᠠ ᠪᠠᠷ᠂ ᠡᠵᠡᠮᠳᠡᠵᠦ ᠪᠣᠯᠬᠤᠶᠢᠴᠠ | ᠴᠢᠨᠠᠷ ᠲᠠᠢ ᠪᠠᠶᠢᠵᠤ᠂ ᠵᠠᠷᠴᠢᠮ ᠳᠡᠭᠡᠷ᠎ᠡ ᠪᠠᠨ ᠲᠤᠰ ᠵᠢᠯ ᠳᠡᠭᠡᠨ ᠪᠡᠶᠡᠯᠡᠭᠦᠯᠵᠦ ᠳᠡᠶᠢᠯᠬᠦ ᠬᠡᠷᠡᠭᠲᠡᠢ᠃ | ᠳᠥᠷᠪᠡ᠂ ᠡᠯᠰᠡᠬᠦ ᠠᠷᠭ᠎ᠠ ᠮᠠᠶ᠋ᠢᠭ | ᠡᠯ᠎ᠡ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ 2024 ᠣᠨ ᠤ 11 ᠰᠠᠷ᠎ᠠ ᠶᠢᠨ 21 ᠤ | ᠡᠳᠦᠷ ᠠᠴᠠ ᠡᠮᠦᠨ᠎ᠡ ᠭᠦᠶᠡᠩ ᠰᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠳᠤᠷᠠᠳᠤᠨ ᠭᠠᠷᠭᠠᠬᠤ ᠶᠢ ᠪᠠᠶᠠᠷᠯᠠᠨ ᠤᠭᠲᠤᠨ᠎ᠠ᠃ ︽2025 ᠣᠨ ᠤ ᠭᠦᠶᠡᠩ ᠰᠢᠶᠠᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠠᠨᠢᠯᠴᠠᠭᠤᠯᠬᠤ ᠬᠦᠰᠦᠨᠦᠭᠲᠦ︾ ︵ᠲᠤᠰ | ᠬᠦᠰᠦᠨᠦᠭᠲᠦ ᠶᠢ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ www. | guyang.gov.cn ᠪᠠᠭᠤᠯᠭᠠᠬᠤ︶ ᠶᠢ ᠲᠠᠭᠯᠠᠨ ᠮᠡᠳᠡᠭᠦᠯᠬᠦ ᠶᠢ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ | ᠬᠦᠷᠭᠡᠵᠦ ᠪᠣᠯᠤᠨ᠎ᠠ᠄ | 1. ᠢᠮᠧᠯ᠄ zhk 8118191@163.com | 2. ᠹᠠᠺᠰ᠄ 0472 - 8118191 | 3. ᠬᠠᠷᠢᠯᠴᠠᠬᠤ ᠬᠥᠮᠦᠨ᠄ ᠭᠤᠤ ᠮᠢᠨ | 4. ᠬᠠᠷᠢᠯᠴᠠᠬᠤ ᠤᠲᠠᠰᠤ᠄ 0472 - 8118191 | |