ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠭᠦᠸᠧ ᠵᠢᠶᠠᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠤᠤ ᠵᠢᠶᠦ᠋ᠨ ᠮᠠᠨ ᠤ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/27
    ᠥᠪᠡᠷᠲᠡᠭᠡᠨ ᠵᠠᠰᠠᠬᠤ ᠣᠷᠣᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠴᠢᠨᠠᠷ ᠰᠠᠶᠢᠲᠠᠢ ᠤᠭᠲᠤᠬᠤ ᠶᠢᠨ ᠲᠥᠯᠥᠭᠡ᠂ 2024 ᠣᠨ ᠤ 10 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠭᠦᠸᠧ ᠵᠢᠶᠠᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠤᠤ ᠵᠢᠶᠦ᠋ᠨ ᠪᠣᠯᠤᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ ᠼᠤᠤ ᠳ᠋ᠦᠩ ᠮᠠᠨ ᠤ ᠪᠠᠯᠭᠠᠰᠤᠨ ᠤ ᠳ᠋ᠠ ᠡᠯ ᠹᠧᠨ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠢ ᠥᠷᠨᠢᠭᠦᠯᠦᠭᠰᠡᠨ ᠪᠠᠶᠢᠨ᠎ᠠ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠭᠦᠸᠧ ᠵᠢᠶᠠᠨ ᠭᠤᠸᠠᠩ᠂ ᠭᠤᠤ ᠵᠢᠶᠦ᠋ᠨ ᠨᠡᠷ ᠰᠢ ᠳ᠋ᠧᠦ ᠫᠦ᠋ ᠪᠠᠯᠭᠠᠰᠤᠨ ᠤ ᠳ᠋ᠠ ᠡᠯ ᠹᠧᠨ ᠲᠣᠰᠬᠤᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠬᠢᠨᠠᠨ ᠰᠢᠯᠭᠠᠵᠤ ᠦᠨᠡᠯᠡᠨ ᠵᠢᠱᠢᠭᠰᠡᠨ ᠳᠠᠩᠰᠠ ᠡᠪᠬᠡᠮᠡᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃     ᠶᠠᠷᠢᠯᠴᠠᠬᠤ ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠪᠣᠯ ᠡᠷᠬᠡᠪᠰᠢ ᠪᠠᠲᠤ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ᠂ ᠡᠷᠬᠡᠪᠰᠢ ᠰᠠᠶᠢᠲᠤᠷ ᠬᠠᠷᠢᠭᠤᠯᠬᠤ ᠤᠯᠤᠰ ᠲᠥᠷᠥ ᠶᠢᠨ ᠰᠢᠯᠭᠠᠯᠲᠠ ᠪᠣᠯᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠦᠬᠡ ᠳᠤ ᠬᠦᠷᠴᠦ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠠᠶᠢᠩᠭᠤᠵᠢᠭᠤᠯᠤᠨ ᠡᠵᠡᠮᠰᠢᠵᠦ᠂ ᠶᠠᠳᠠᠭᠤᠷᠠᠬᠤ ᠳᠠᠬᠢᠨ ᠶᠠᠳᠠᠭᠤᠷᠠᠬᠤ ᠲᠦᠭᠰᠢᠭᠦᠷᠢ ᠶᠢ ᠪᠦᠬᠦ ᠲᠠᠯ᠎ᠠ ᠪᠠᠷ ᠵᠠᠳᠠᠯᠵᠤ᠂ ᠠᠵᠤ ᠦᠢᠯᠡᠰ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠡᠮ ᠡᠮᠨᠡᠯᠭᠡ ᠶᠢᠨ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠠᠮᠤᠷ ᠲᠦᠪᠰᠢᠨ ᠤᠰᠤ ᠤᠤᠭᠤᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠨᠢᠭᠲᠠ ᠪᠥᠭᠡᠳ ᠪᠠᠲᠤ ᠴᠣᠭᠴᠠᠯᠠᠬᠤ ᠬᠡᠷᠡᠭᠲᠡᠢ ᠭᠡᠵᠦ᠍ ᠴᠢᠬᠣᠯᠠᠴᠢᠯᠠᠵᠠᠢ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号