ᠥᠷᠭᠡᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠠᠴᠠ ᠨᠡᠶᠢᠭᠡᠮ ᠤᠨ ᠡᠯ᠎ᠡ ᠡᠲᠡᠭᠡᠳ ᠠᠴᠠ | 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠯᠡ ᠪᠠᠷ ᠴᠤᠭᠯᠠᠭᠤᠯᠬᠤ ᠪᠠᠷ | ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠡᠯᠰᠡᠬᠦ ᠴᠠᠭ | 2024 ᠣᠨ ᠤ 10 ᠰᠠᠷ᠎ᠠ ᠶᠢᠨ 21 ᠤ ᠡᠳᠦᠷ ᠠᠴᠠ 11 ᠰᠠᠷ᠎ᠠ ᠶᠢᠨ 21 ᠤ ᠡᠳᠦᠷ | ᠬᠤᠶᠠᠷ᠂ ᠡᠯᠰᠡᠬᠦ ᠠᠭᠤᠯᠭ᠎ᠠ ᠪᠠ ᠬᠦᠷᠢᠶ᠎ᠡ ᠬᠡᠪᠴᠢᠶ᠎ᠡ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠨᠢ ᠭᠤᠣᠯᠳᠠᠭᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠣᠷᠣᠭᠤᠯᠤᠯᠲᠠ ᠪᠠᠷ ᠭᠤᠣᠯ ᠪᠣᠯᠭᠠᠵᠤ᠂ ᠵᠠᠰᠠᠭ ᠤᠨ ᠣᠷᠳᠣᠨ ᠠᠴᠠ ᠰᠢᠶᠠᠨ ᠤ | ᠬᠡᠪᠴᠢᠶᠡᠨ ᠳᠣᠲᠣᠷ᠎ᠠ ᠬᠡᠷᠡᠭᠵᠢᠭᠦᠯᠦᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠪᠥᠭᠡᠳ ᠨᠡᠶᠢᠭᠡᠮ ᠤᠨ ᠦᠷ᠎ᠡ ᠠᠰᠢᠭ ᠢᠶᠠᠷ ᠨᠡᠯᠢᠶᠡᠳ ᠲᠣᠪᠤᠶᠢᠮ᠎ᠠ ᠠᠷᠠᠳ ᠤᠨ ᠠᠮᠢᠳᠤᠷᠠᠯ ᠤᠨ ᠲᠥᠷᠥᠯ ᠤᠨ ᠣᠯᠠᠨ | ᠨᠡᠶᠢᠲᠡ ᠶᠢᠨ ᠦᠢᠯᠡᠰ ᠤᠨ ᠲᠥᠷᠥᠯ ᠵᠦᠢᠯ ᠪᠣᠯᠤᠨ᠎ᠠ᠃ ᠡᠭᠦᠨ ᠳᠤ ᠳᠣᠣᠷᠠᠬᠢ ᠠᠭᠤᠯᠭ᠎ᠠ ᠶᠢ ᠭᠤᠣᠯᠳᠠᠯᠭ᠎ᠠ ᠲᠠᠢ | ᠪᠠᠭᠲᠠᠭᠠᠨ᠎ᠠ᠄ | ︵ᠨᠢᠭᠡ︶ ᠠᠵᠢᠯ ᠤᠯᠭᠤᠵᠤ ᠦᠢᠯᠡᠰ ᠪᠤᠰᠬᠠᠬᠤ ᠦᠢᠯᠡᠴᠢᠯᠡᠭᠡᠨ ᠤ ᠲᠥᠷᠥᠯ᠃ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢ ᠠᠬᠢᠭᠤᠯᠤᠨ᠂ ᠠᠵᠢᠯ ᠣᠯᠭᠤᠬᠤ ᠶᠢ ᠬᠥᠲᠥᠯᠥᠨ ᠵᠢᠯᠣᠭᠤᠳᠬᠤ | ᠪᠣᠯᠪᠠᠰᠤᠷᠠᠭᠤᠯᠤᠯ ᠢ ᠥᠷᠨᠢᠭᠦᠯᠵᠦ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠢ ᠴᠢᠩᠭᠠᠳᠬᠠᠨ᠂ ᠲᠥᠷᠥᠯ ᠵᠦᠢᠯ ᠤᠨ ᠨᠡᠭᠡᠭᠡᠨ ᠬᠥᠭᠵᠢᠭᠦᠯᠬᠦ᠂ ᠡᠷᠬᠢᠯᠡᠭᠰᠡᠨ ᠠᠵᠢᠯ ᠤᠨ | ᠪᠣᠯᠪᠠᠰᠤᠷᠠᠭᠤᠯᠤᠯ᠂ ᠠᠵᠢᠯ ᠣᠯᠭᠤᠬᠤ ᠶᠢ ᠲᠤᠰᠠᠯᠠᠬᠤ ᠵᠡᠷᠭᠡ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ᠂ | ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ | ᠣᠯᠭᠤᠬᠤ ᠶᠢ ᠲᠡᠳᠬᠦᠬᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠦᠷᠦᠯ᠃ ᠰᠤᠷᠭᠠᠨ ᠬᠥᠮᠦᠵᠢᠯ ᠤᠨ | ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ | ᠰᠠᠶᠢᠵᠢᠷᠠᠭᠤᠯᠤᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠪᠠᠲᠤᠯᠠᠵᠤ᠂ ᠵᠢᠭᠠᠨ ᠰᠤᠷᠭᠠᠯᠲᠠ ᠶᠢᠨ | ᠲᠥᠬᠦᠭᠡᠷᠦᠮᠵᠢ ᠶᠢ ᠳᠡᠰ ᠳᠡᠪᠰᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠰᠠᠭᠤᠷᠢ ᠰᠤᠷᠭᠠᠨ | ᠬᠥᠮᠦᠵᠢᠯ ᠤᠨ ᠳᠡᠰ ᠳᠡᠪᠰᠢᠬᠦ ᠶᠢ ᠠᠬᠢᠭᠤᠯᠵᠤ᠂ ᠳᠤᠮᠳᠠ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠨᠠᠰᠤᠨ ᠲᠤᠷᠰᠢ ᠶᠢᠨ ᠰᠤᠷᠭᠠᠨ ᠬᠥᠮᠦᠵᠢᠯ ᠵᠡᠷᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠭᠤᠷᠪᠠ︶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ᠃ ᠬᠦᠨᠳᠦ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠴᠢᠩᠭᠠᠳᠬᠠᠨ᠂ ᠬᠤᠲᠠ ᠬᠥᠳᠡᠭᠡ ᠶᠢᠨ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ | ᠠᠬᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠵᠦ᠂ ᠦᠨᠳᠦᠰᠦᠨ ᠱᠠᠲᠤᠨ ᠤ | ᠡᠮᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠢ | ᠥᠭᠡᠷᠡᠴᠢᠯᠡᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ︔ ᠱᠠᠲᠤ ᠬᠤᠪᠢᠶᠠᠵᠤ ᠣᠨᠣᠰᠢᠯᠠᠨ ᠡᠮᠨᠡᠬᠦ ᠦᠢᠯᠡᠴᠢᠯᠡᠭᠡᠨ ᠢ ᠢᠳᠡᠪᠬᠢᠲᠡᠢ ᠲᠦᠯᠬᠢᠨ | ᠠᠬᠢᠭᠤᠯᠵᠤ᠂ ᠮᠤᠵᠢ ᠠᠯᠤᠰᠯᠠᠨ ᠣᠨᠳᠣᠣ ᠭᠠᠵᠠᠷ ᠡᠮᠨᠡᠭᠦᠯᠬᠦ ᠳᠤ ᠰᠢᠭᠤᠳ ᠳ᠋ᠦᠩᠨᠡᠨ ᠪᠣᠳᠣᠬᠤ ᠬᠡᠪᠴᠢᠶ᠎ᠡ ᠶᠢ | ᠥᠷᠭᠡᠳᠬᠡᠨ᠎ᠡ᠃ | ︵ᠳᠥᠷᠪᠡ︶ ᠬᠤᠲᠠ ᠬᠥᠳᠡᠭᠡ ᠶᠢᠨ ᠨᠡᠶᠢᠭᠡᠮ ᠤᠨ ᠪᠠᠲᠤᠯᠠᠭ᠎ᠠ ᠶᠢᠨ ᠲᠦᠷᠦᠯ᠃ ᠨᠡᠶᠢᠭᠡᠮ ᠤᠨ ᠪᠠᠲᠤᠯᠠᠭ᠎ᠠ ᠶᠢᠨ | ᠳᠦᠷᠢᠮ ᠢ ᠪᠦᠷᠢᠨᠰᠢᠭᠦᠯᠵᠦ᠂ ᠨᠡᠶᠢᠭᠡᠮ ᠤᠨ ᠳᠠᠭᠠᠳᠬᠠᠯ ᠤᠨ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠪᠠ ᠨᠠᠰᠤᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ | ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠬᠦᠴᠢᠷᠳᠡᠯᠲᠡᠢ ᠬᠥᠮᠦᠰ ᠤᠨ ᠦᠨᠳᠦᠰᠦᠨ ᠠᠵᠢᠯᠯᠠᠭ᠎ᠠ ᠶᠢ ᠪᠠᠲᠤᠯᠠᠨ᠎ᠠ︔ | ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ | ᠢᠯᠠᠩᠭᠤᠶ᠎ᠠ ᠣᠷᠣᠯᠭ᠎ᠠ ᠪᠠᠭᠠᠲᠠᠢ ᠬᠥᠮᠦᠰ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠎ᠠ᠃ | ︵ᠲᠠᠪᠤ︶ ᠠᠮᠢ ᠠᠬᠤᠢ ᠶᠢᠨ ᠣᠷᠴᠢᠨ ᠲᠤᠭᠤᠷᠢᠨ ᠢ ᠵᠠᠰᠠᠬᠤ ᠲᠥᠷᠥᠯ᠃ ᠬᠤᠲᠠ ᠬᠥᠳᠡᠭᠡ ᠶᠢᠨ ᠤᠰᠤᠨ ᠤ ᠣᠷᠴᠢᠨ | ᠲᠣᠭᠤᠷᠢᠨ᠂ ᠠᠭᠠᠷ ᠮᠠᠨᠳᠠᠯ ᠤᠨ ᠣᠷᠴᠢᠨ ᠲᠣᠭᠤᠷᠢᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠵᠡᠷᠭᠡ ᠬᠠᠮᠠᠭᠠᠯᠠᠯᠲᠠ | ᠬᠢᠭᠡᠳ ᠵᠠᠰᠠᠯᠲᠠ ᠶᠢ ᠴᠢᠩᠭᠠᠳᠬᠠᠵᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠪᠠ ᠠᠷᠢᠭᠤᠨ ᠴᠡᠪᠡᠷ ᠪᠠᠶᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠬᠤᠲᠠ ᠬᠥᠳᠡᠭᠡ ᠶᠢᠨ ᠨᠣᠭᠤᠭᠠᠷᠠᠭᠤᠯᠵᠤ ᠣᠶᠢᠵᠢᠭᠤᠯᠬᠤ ᠶᠢ ᠲᠦᠯᠬᠢᠨ ᠠᠬᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠤᠨ᠎ᠠ᠃ | ︵ᠵᠢᠷᠭᠤᠭ᠎ᠠ︶ ᠰᠠᠭᠤᠭᠠᠯᠢ ᠠᠷᠠᠳ ᠤᠨ ᠵᠠᠮ ᠬᠠᠷᠢᠯᠴᠠᠭ᠎ᠠ ᠭᠠᠳᠠᠭᠰᠢ ᠭᠠᠷᠬᠤ ᠲᠦᠷᠦᠯ᠃ ᠬᠤᠲᠠ ᠬᠥᠳᠡᠭᠡ ᠶᠢᠨ ᠵᠠᠮ | ᠂ ᠲᠡᠷᠭᠡᠨ ᠵᠣᠭᠰᠣᠭᠠᠯ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠡᠭᠡᠭᠰᠢᠯᠡᠯᠲᠡ ᠶᠢ ᠲᠦᠷᠭᠡᠳᠬᠡᠵᠦ᠂ ᠬᠤᠲᠠ ᠬᠥᠳᠡᠭᠡ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠰᠢᠰᠲ᠋ᠧᠮᠵᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠵᠠᠮ | ᠬᠠᠷᠢᠯᠴᠠᠭ᠎ᠠ ᠶᠢ ᠤᠷᠢᠳᠠᠪᠠᠷ ᠬᠡᠷᠡᠭᠵᠢᠭᠦᠯᠬᠦ ᠶᠢ ᠪᠠᠲᠤᠯᠠᠨ᠂ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠤᠯᠵᠤ᠂ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠦᠨ᠎ᠡ᠃ | ︵ᠳᠣᠯᠤᠭ᠎ᠠ︶ ᠰᠣᠶᠣᠯ ᠲᠠᠮᠢᠷ ᠤᠨ ᠦᠢᠯᠡᠰ ᠤᠨ ᠲᠦᠷᠦᠯ᠃ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠶᠡᠬᠡᠪᠡᠷ | ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠥᠳᠡᠭᠡ ᠲᠣᠰᠬᠤᠨ ᠤ | ᠰᠣᠶᠣᠯ ᠤᠨ ᠤᠯᠠᠮᠵᠢᠯᠠᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠲᠣᠭᠤᠷᠢᠭ ᠤᠨ ᠰᠣᠶᠣᠯ ᠤᠨ ᠰᠣᠯᠢᠯᠴᠠᠭᠠᠨ ᠤ | ᠲᠠᠪᠴᠠᠩ ᠢ ᠪᠠᠶᠢᠭᠤᠯᠤᠨ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ︵ᠨᠠᠢᠮᠠ︶ ᠨᠠᠰᠤᠲᠠᠨ ᠢ ᠠᠰᠠᠷᠠᠵᠤ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠥᠷᠥᠯ᠃ ᠬᠤᠲᠠ ᠬᠥᠳᠡᠭᠡ ᠶᠢᠨ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠰᠤᠵᠢᠯ ᠤᠨ | ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ | ᠪᠠᠶᠢᠭᠤᠯᠤᠮᠵᠢ᠂ ᠨᠡᠶᠢᠭᠡᠮ ᠲᠣᠭᠤᠷᠢᠭ ᠪᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ | ᠵᠢᠷᠤᠮᠵᠢᠭᠰᠠᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ | ᠨᠠᠰᠤᠲᠠᠶᠢᠴᠤᠳ ᠢ ᠰᠢᠨᠵᠢᠯᠡᠬᠦ ᠤᠬᠠᠭᠠᠨᠴᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ | ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠵᠡᠮᠳᠡᠭᠴᠦᠳ ᠤᠨ ᠣᠨᠴᠣᠭᠤᠢ ᠬᠡᠷᠡᠭᠴᠡᠭᠡ | ᠱᠠᠭᠠᠷᠳᠠᠯᠭ᠎ᠠ ᠳᠤ ᠳᠣᠭᠢᠷᠬᠠᠰᠠᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | | ︵ᠶᠢᠰᠦ︶ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠦᠷᠦᠯ᠃ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠮᠤᠷ ᠢ ᠬᠠᠮᠠᠭᠠᠯᠠᠬᠤ | ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠪᠠ ᠬᠡᠷᠡᠭᠯᠡᠭᠡᠨ ᠤ ᠠᠮᠤᠷ ᠲᠦᠪᠰᠢᠨ ᠤ ᠪᠠᠲᠤᠯᠠᠭ᠎ᠠ ᠵᠡᠷᠭᠡ ᠰᠢᠰᠲ᠋ᠧᠮ ᠢ ᠪᠦᠷᠢᠨᠰᠢᠭᠦᠯᠦᠨ᠎ᠡ︔ ᠢᠳᠡᠭᠡᠨ ᠪᠠ | ᠡᠮ ᠤᠨ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠦ᠂ ᠢᠳᠡᠭᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠠᠷᠪᠠ︶ ᠬᠤᠲᠠ ᠶᠢᠨ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠤ ᠲᠥᠷᠥᠯ᠃ | ᠬᠤᠲᠠ ᠶᠢᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠲᠠ ᠶᠢᠨ ᠳᠦᠷᠢ ᠲᠥᠷᠬᠦ ᠶᠢ ᠰᠢᠯᠢᠳᠡᠭᠵᠢᠭᠦᠯᠦᠨ᠎ᠡ︔ ᠣᠯᠠᠨ | ᠨᠡᠶᠢᠲᠡ ᠶᠢᠨ ᠨᠣᠭᠤᠭᠠᠷᠠᠭᠤᠯᠤᠯᠲᠠ ᠶᠢᠨ ᠨᠣᠷᠮ᠎ᠠ ᠵᠢᠴᠢ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠬᠢᠷᠢ | ᠲᠦᠪᠰᠢᠨ ᠢ ᠳᠡᠭᠡᠭᠰᠢᠯᠡᠭᠦᠯᠵᠦ᠂ ᠵᠢᠵᠢᠭ ᠬᠤᠲᠠ ᠪᠠᠯᠭᠠᠰᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠪᠠ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠵᠢᠵᠢᠭ ᠲᠣᠭᠤᠷᠢᠭ ᠵᠡᠷᠭᠡ ᠶᠢ ᠥᠭᠡᠷᠡᠴᠢᠯᠡᠨ ᠵᠠᠰᠠᠬᠤ ᠶᠢ ᠴᠢᠩᠭᠠᠳᠬᠠᠨ᠎ᠠ᠃ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ ᠤᠨ ᠴᠡᠴᠡᠷᠯᠢᠭ᠂ ᠬᠦᠷᠢᠶᠡᠯᠡᠩ ᠲᠣᠭᠤᠷᠢᠭ ᠢ ᠨᠢᠭᠡ | ᠴᠣᠭᠴᠠᠵᠢᠭᠤᠯᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠰᠢᠶᠠᠨ ᠤ ᠬᠤᠲᠠ ᠶᠢᠨ | ᠭᠠᠳᠠᠭᠠᠳᠤ ᠳᠤ ᠭᠠᠷᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠶᠢᠨ ᠠᠩᠬᠠᠨ ᠤ ᠰᠠᠭᠤᠭᠳᠠᠯ ᠢ ᠰᠠᠶᠢᠵᠢᠷᠠᠭᠤᠯᠬᠤ | ᠬᠡᠷᠡᠭᠲᠡᠢ᠃ | ︵ᠠᠷᠪᠠᠨ ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ᠃ | ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠨ᠎ᠠ︔ ᠬᠥᠳᠡᠭᠡ ᠲᠣᠰᠬᠤᠨ ᠤ ᠣᠨᠴᠠᠯᠢᠭ ᠪᠠ ᠬᠥᠳᠡᠭᠡ | ᠲᠣᠰᠬᠤᠨ ᠤ ᠥᠩᠭᠡ ᠦᠵᠡᠮᠵᠢ ᠶᠢ ᠳᠣᠪᠤᠶᠢᠯᠭᠠᠵᠤ᠂ ᠲᠣᠰᠬᠤᠨ ᠤ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠪᠠ | ᠬᠥᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠴᠤᠪᠤᠷᠠᠯ ᠢ ᠳᠥᠭᠦᠮᠴᠢᠯᠡᠨ᠂ ᠵᠠᠰᠠᠭ ᠤᠨ ᠶᠠᠪᠤᠳᠠᠯ ᠤᠨ ᠬᠦᠷᠢᠶᠡᠨ ᠳᠠᠬᠢ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠵᠤ᠂ ︽ᠬᠠᠷᠢᠯᠴᠠᠨ ᠬᠤᠯᠪᠣᠭᠠᠯᠠᠵᠤ | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠠᠬᠢᠭᠤᠯᠤᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠠᠷᠪᠠᠨ ᠭᠤᠷᠪᠠ︶ ᠪᠤᠰᠤᠳ ᠲᠠᠯ᠎ᠠ ᠪᠠᠷ᠃ ᠰᠢᠶᠠᠨ ᠤ ᠬᠤᠲᠠ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠡᠨ᠎ᠡ᠃ ᠨᠠᠰᠤᠨ ᠳᠤ ᠦᠯᠦ | ᠬᠦᠷᠦᠭᠰᠡᠳ ᠤᠨ ᠡᠷᠬᠡ ᠠᠰᠢᠭ ᠢ ᠪᠦᠲᠦᠮᠵᠢᠲᠡᠢ ᠪᠠᠲᠤᠯᠠᠵᠤ᠂ ᠦᠢᠯᠡᠴᠢᠯᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ | ᠲᠡᠭᠦᠯᠳᠡᠷᠵᠢᠭᠦᠯᠦᠨ᠂ ᠦᠢᠯᠡᠴᠢᠯᠡᠭᠡᠨ ᠤ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠨᠠᠰᠤᠨ ᠳᠤ ᠦᠯᠦ | ᠬᠦᠷᠦᠭᠰᠡᠳ ᠤᠨ ᠦᠢᠯᠡᠴᠢᠯᠡᠭᠡᠨ ᠤ ᠰᠢᠰᠲ᠋ᠧᠮ ᠵᠡᠷᠭᠡ ᠶᠢ ᠪᠦᠷᠢᠨᠰᠢᠭᠦᠯᠦᠨ᠎ᠡ᠃ | ᠭᠤᠷᠪᠠ᠂ ᠡᠯᠰᠡᠬᠦ ᠱᠠᠭᠠᠷᠳᠠᠯᠭ᠎ᠠ | 1. ᠲᠥᠷᠥᠯ ᠵᠦᠢᠯ ᠨᠢ ᠴᠢᠬᠤᠯᠠ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠬᠡᠷᠡᠭᠲᠡᠢ᠂ ᠡᠩ ᠤᠨ | ᠪᠠᠶᠢᠳᠠᠯ ᠳᠤ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠬᠤᠢ ᠪᠠᠶᠢᠳᠠᠯ᠂ ᠲᠥᠷᠥᠯ ᠵᠦᠢᠯ ᠤᠨ | ᠬᠡᠷᠡᠭᠵᠢᠭᠦᠯᠦᠯᠲᠡ ᠶᠢᠨ ᠠᠴᠢ ᠬᠤᠯᠪᠣᠭᠳᠠᠯ ᠵᠢᠴᠢ ᠵᠢᠱᠢᠭᠰᠡᠨ ᠬᠦᠷᠬᠦ ᠬᠠᠷᠠᠯᠲᠠ᠂ ᠲᠥᠷᠥᠯ ᠵᠦᠢᠯ ᠢ ᠬᠡᠷᠡᠭᠵᠢᠭᠦᠯᠬᠦ | ᠱᠠᠭᠠᠷᠳᠠᠯᠭ᠎ᠠ ᠵᠡᠷᠭᠡ ᠶᠢ ᠪᠠᠭᠲᠠᠭᠠᠬᠤ ᠬᠡᠷᠡᠭᠲᠡᠢ᠃ | 2. ᠲᠥᠷᠥᠯ ᠵᠦᠢᠯ ᠨᠢ ᠠᠷᠠᠳ ᠤᠨ ᠠᠮᠢᠳᠤᠷᠠᠯ ᠲᠠᠢ ᠣᠶᠢᠷᠠᠲᠤᠭᠤᠯᠵᠤ᠂ ᠣᠯᠠᠨ ᠲᠦᠮᠡᠨ ᠤ ᠡᠳᠦᠷ ᠲᠤᠲᠤᠮ ᠤᠨ | ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠵᠤ᠂ ᠨᠡᠯᠢᠶᠡᠳ ᠶᠡᠭᠡ ᠬᠠᠮᠤᠷᠬᠤ ᠬᠡᠪᠴᠢᠶ᠎ᠡ ᠪᠠ ᠠᠰᠢᠭ | ᠬᠦᠷᠲᠡᠬᠦ ᠲᠠᠯ᠎ᠠ ᠲᠠᠢ᠃ | 3. ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ᠂ ᠪᠣᠯᠤᠮᠵᠢᠲᠤ ᠴᠢᠨᠠᠷ ᠲᠠᠢ ᠪᠠᠶᠢᠪᠠᠯ ᠮᠠᠨ ᠤ ᠰᠢᠶᠠᠨ ᠤ | ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠵᠤ᠂ ᠴᠢᠳᠠᠯ ᠤᠨ ᠬᠢᠷᠢ ᠪᠠᠷ ᠢᠶᠠᠨ ᠬᠢᠬᠦ ᠬᠡᠷᠡᠭᠲᠡᠢ᠃ | 4. ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠤ ᠲᠠᠯ᠎ᠠ ᠪᠠᠷ᠂ ᠡᠵᠡᠮᠳᠡᠵᠦ ᠪᠣᠯᠬᠤᠶᠢᠴᠠ ᠴᠢᠨᠠᠷ ᠲᠠᠢ | ᠪᠠᠶᠢᠵᠤ᠂ ᠵᠠᠷᠴᠢᠮ ᠳᠡᠭᠡᠷ᠎ᠡ ᠪᠠᠨ ᠲᠤᠰ ᠵᠢᠯ ᠳᠡᠭᠡᠨ ᠪᠡᠶᠡᠯᠡᠭᠦᠯᠵᠦ ᠳᠡᠶᠢᠯᠬᠦ ᠬᠡᠷᠡᠭᠲᠡᠢ᠃ | ᠳᠥᠷᠪᠡ᠂ ᠡᠯᠰᠡᠬᠦ ᠠᠷᠭ᠎ᠠ ᠮᠠᠶ᠋ᠢᠭ | ᠡᠯ᠎ᠡ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ 2024 ᠣᠨ ᠤ 11 ᠰᠠᠷ᠎ᠠ ᠶᠢᠨ 21 ᠤ ᠡᠳᠦᠷ ᠠᠴᠠ | ᠡᠮᠦᠨ᠎ᠡ ᠭᠦᠶᠡᠩ ᠰᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠳᠤᠷᠠᠳᠤᠨ ᠭᠠᠷᠭᠠᠬᠤ ᠶᠢ | ᠪᠠᠶᠠᠷᠯᠠᠨ ᠤᠭᠲᠤᠨ᠎ᠠ᠃ ︽2025 ᠣᠨ ᠤ ᠭᠦᠶᠡᠩ ᠰᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠲᠠᠨᠢᠯᠴᠠᠭᠤᠯᠬᠤ ᠬᠦᠰᠦᠨᠦᠭᠲᠦ︾ ︵ᠲᠤᠰ ᠬᠦᠰᠦᠨᠦᠭᠲᠦ ᠶᠢ ᠭᠦᠶᠡᠩ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ www.guyang.gov.cn ᠪᠠᠭᠤᠯᠭᠠᠬᠤ︶ ᠶᠢ ᠲᠠᠭᠯᠠᠨ | ᠮᠡᠳᠡᠭᠦᠯᠬᠦ ᠶᠢ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠦᠷᠭᠡᠵᠦ ᠪᠣᠯᠤᠨ᠎ᠠ᠄ | 1. ᠢᠮᠧᠯ᠄ zhk 8118191@163.com | 2. ᠹᠠᠺᠰ᠄ 0472 - 8118191 | 3. ᠬᠠᠷᠢᠯᠴᠠᠬᠤ ᠬᠥᠮᠦᠨ᠄ ᠭᠤᠤ ᠮᠢᠨ | 4. ᠬᠠᠷᠢᠯᠴᠠᠬᠤ ᠤᠲᠠᠰᠤ᠄ 0472 - 8118191 | |