10 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠰᠢ ᠳ᠋ᠧᠦ ᠫᠦ᠋ | ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠦᠨᠳᠦᠰᠦᠨ | ᠱᠠᠲᠤᠨ ᠤ ᠵᠠᠰᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠠᠪᠴᠤ ᠳᠣᠷᠣᠭᠰᠢ ᠪᠠᠭᠤᠵᠤ ᠪᠣᠳᠠᠲᠠᠢ ᠪᠠᠶᠢᠳᠠᠯ ᠢ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ | ᠬᠤᠷᠠᠯᠳᠤᠭᠤᠯᠪᠠ᠃ | ᠶᠣᠣ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠪᠠᠯᠭᠠᠰᠤ ᠲᠣᠰᠬᠤᠨ ᠤ ᠺᠠᠳ᠋ᠷᠴᠤᠳ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠷᠭᠦᠯᠵᠢ ᠡᠷᠦᠬᠡ ᠳᠤ | ᠣᠷᠣᠵᠤ ᠬᠦᠴᠢᠷᠳᠡᠯᠲᠡᠢ ᠬᠥᠮᠦᠰ ᠤᠨ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠨ ᠬᠠᠪᠰᠤᠷᠴᠤ᠂ ᠺᠠᠳ᠋ᠷ ᠣᠯᠠᠨ ᠲᠦᠮᠡᠨ ᠤ | ᠬᠠᠷᠢᠴᠠᠭ᠎ᠠ ᠶᠢ ᠨᠢᠭᠲᠠᠷᠠᠭᠤᠯᠬᠤ ᠬᠡᠷᠡᠭᠲᠡᠢ᠃ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠬᠠᠷᠢᠭᠤᠴᠠᠯᠭ᠎ᠠ ᠶᠢᠨ ᠤᠬᠠᠮᠰᠠᠷ ᠢ | ᠴᠢᠩᠭᠠᠳᠬᠠᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢᠲᠠᠨ ᠤ | ᠳᠠᠶᠢᠴᠢᠯᠠᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠭᠠᠵᠠᠷ ᠰᠢᠷᠣᠢ ᠪᠠᠷ ᠬᠤᠪᠢ | ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠵᠠᠮ ᠢᠶᠠᠷ ᠵᠠᠮᠨᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ | ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠢᠮᠠᠭᠲᠠ ᠵᠠᠷᠴᠢᠮ ᠢ ᠪᠠᠷᠢᠮᠲᠠᠯᠠᠵᠤ᠂ ︽ᠠᠰᠠᠭᠤᠳᠠᠯ ᠢ ᠰᠢᠢᠳᠪᠦᠷᠢᠯᠡᠬᠦ | ᠰᠡᠳᠬᠢᠬᠦᠢ︾ ᠶᠢ ᠪᠠᠲᠤ ᠪᠣᠢ ᠪᠣᠯᠭᠠᠵᠤ᠂ ᠦᠨᠡᠨ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠦᠨᠡᠨ ᠬᠦ | ᠰᠢᠢᠳᠪᠦᠷᠢᠯᠡᠵᠦ᠂ ᠨᠠᠷᠢᠨ ᠬᠢᠨᠠᠮᠠᠭᠠᠢ ᠬᠠᠷᠢᠭᠤᠴᠠᠬᠤ ᠬᠡᠷᠡᠭᠲᠡᠢ᠃ ᠦᠢᠯᠡᠴᠢᠯᠡᠭᠡᠨ ᠤ ᠲᠦᠪᠰᠢᠨ ᠪᠣᠯᠤᠨ ᠵᠠᠰᠠᠯᠲᠠ ᠶᠢᠨ | ᠴᠢᠳᠠᠪᠤᠷᠢ ᠪᠠᠨ ᠳᠡᠭᠡᠭᠰᠢᠯᠡᠭᠦᠯᠵᠦ᠂ ᠶᠠᠮᠠᠷ ᠶᠠᠪᠤᠳᠠᠯ ᠬᠢᠭᠰᠡᠨ ᠴᠦ ᠴᠥᠮ ᠲᠥᠪ ᠭᠤᠣᠯᠴᠢ ᠰᠢᠳᠤᠷᠭᠤ ᠶᠣᠰᠣ ᠶᠢ ᠡᠷᠬᠢᠮᠯᠡᠵᠦ | ᠂ ᠶᠡᠭᠡ ᠳᠠᠩᠰᠠ ᠶᠢ ᠪᠣᠳᠣᠵᠤ᠂ ᠠᠯᠤᠰ ᠬᠡᠳᠦ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠠᠵᠢᠯ ᠢᠶᠠᠨ ᠣᠯᠠᠨ | ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ︽ᠣᠯᠠᠨ ᠢᠶᠠᠷ ᠢᠶᠠᠨ ᠢᠯᠵᠢᠷᠡᠬᠦ︾ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠵᠤ᠂ ᠠᠷᠠᠳ ᠣᠯᠠᠨ ᠢ ᠨᠡᠩ | ᠪᠣᠳᠠᠲᠤ ᠲᠥᠷᠥᠭᠳᠡᠯ ᠲᠠᠢ ᠪᠣᠯᠭᠠᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠦᠷᠭᠦᠯᠵᠢᠯᠡᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠣᠯᠠᠨ | ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠬᠤᠶᠠᠷ ᠲᠠᠯ᠎ᠠ ᠪᠠᠷ ᠠᠳᠬᠤᠬᠤ | ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠷᠭᠦᠯᠵᠢ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ | ᠱᠠᠯᠠᠪᠳᠠᠭᠤᠯᠵᠤ᠂ ᠥᠪᠥᠷ ᠮᠣᠩᠭᠤᠯ ᠤᠨ ᠡᠨᠧᠷᠭᠢ ᠶᠢᠨ ᠴᠠᠬᠢᠯᠭᠠᠨ ᠭᠠᠷᠭᠠᠬᠤ ᠥᠷᠲᠡᠭᠡ ᠵᠡᠷᠭᠡ ᠲᠥᠷᠥᠯ ᠵᠦᠢᠯ ᠤᠨ ᠠᠮᠤᠷ | ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠲᠡᠮᠦᠷ ᠤᠨ ᠠᠭᠤᠷᠬᠠᠢ ᠶᠢ ᠨᠡᠭᠡᠭᠡᠨ ᠰᠣᠩᠭᠤᠬᠤ ᠠᠵᠤ | ᠠᠬᠤᠶᠢᠯᠠᠯ ᠤᠨ ᠠᠮᠤᠷ ᠲᠦᠪᠰᠢᠨ ᠵᠢᠷᠤᠮᠵᠢᠯ ᠲᠠᠢ ᠠᠵᠢᠯᠯᠠᠬᠤ ᠶᠢ ᠪᠠᠲᠤᠯᠠᠬᠤ ᠬᠡᠷᠡᠭᠲᠡᠢ᠃ ᠣᠳᠣᠬᠠᠨ ᠳᠤ ᠶᠠᠭ ᠬᠤᠨᠴᠢᠷ | ᠬᠤᠷᠢᠶᠠᠬᠤ ᠵᠡᠷᠭᠡ ᠲᠠᠷᠢᠮᠠᠯ ᠤᠨ ᠴᠠᠭ ᠦᠶ᠎ᠡ ᠪᠠᠶᠢᠵᠤ᠂ ᠭᠠᠳᠠᠨ᠎ᠠ ᠠᠴᠠ ᠢᠷᠡᠵᠦ ᠬᠥᠯᠥᠰᠥᠨ ᠠᠵᠢᠯᠴᠢᠨ ᠤ ᠠᠮᠤᠷ | ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠭᠦᠸᠧ ᠵᠢᠶᠠᠨ ᠭᠤᠸᠠᠩ᠂ ᠯᠢ ᠷᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ |