ᠰᠢ ᠳ᠋ᠧᠦ ᠫᠦ᠋ ᠪᠠᠯᠭᠠᠰᠤ ᠺᠠᠳ᠋ᠷ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
     2024 ᠣᠨ ᠤ 10 ᠰᠠᠷ᠎ᠠ ᠶᠢᠨ 25 ᠤ ᠡᠳᠦᠷ ᠰᠢ ᠳ᠋ᠧᠦ ᠫᠦ᠋ ᠪᠠᠯᠭᠠᠰᠤ ᠪᠦᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠶᠢᠨ ᠪᠠᠶᠢᠴᠠᠭᠠᠨ ᠰᠤᠳᠤᠯᠬᠤ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠶᠣᠣ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠬᠠᠮᠲᠤ ᠶᠢᠨ ᠠᠵᠤ ᠠᠬᠤᠢ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠠᠮᠤ ᠪᠤᠳᠠᠭᠠᠨ ᠤ ᠦᠢᠯᠡᠳᠪᠦᠷᠢᠯᠡᠯ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠠᠵᠢᠯ ᠳᠤ ᠵᠢᠭᠠᠪᠤᠷᠢ ᠥᠭᠴᠦ ᠨᠢᠭᠡᠳ ᠨᠢᠭᠡ ᠪᠠᠷ ᠵᠠᠳᠠᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠳᠤᠷᠠᠳᠪᠠ᠃    ᠬᠤᠷᠠᠯ ᠠᠴᠠ ᠱᠠᠭᠠᠷᠳᠠᠭᠰᠠᠨ ᠨᠢ᠂ ᠪᠦᠬᠦ ᠪᠠᠯᠭᠠᠰᠤ ᠪᠠᠷ ᠢᠶᠠᠨ ᠶᠣᠣ ᠵᠢᠶᠦ᠋ᠨ ᠵᠢᠶᠧ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃  ᠪᠠᠯᠭᠠᠰᠤ ᠲᠣᠰᠬᠤᠨ ᠬᠤᠶᠠᠷ ᠱᠠᠲᠤᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠪᠣᠳᠠᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠪᠦᠬᠦ ᠠᠵᠢᠯ ᠤᠨ ᠭᠡᠰᠢᠭᠦᠳ ᠦᠨᠡᠨ ᠪᠣᠳᠠᠲᠠᠢ ᠠᠵᠢᠯᠯᠠᠭ᠎ᠠ ᠪᠣᠯᠤᠨ ᠠᠵᠢᠯ ᠤᠨ ᠦᠷ᠎ᠡ ᠪᠦᠲᠦᠮᠵᠢ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠶᠢ ᠪᠠᠲᠤᠯᠠᠬᠤ ᠬᠡᠷᠡᠭᠲᠡᠢ᠃ ᠪᠦᠬᠦ ᠺᠠᠳ᠋ᠷᠴᠤᠳ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ᠲᠡᠭᠦᠨ  ᠦ ᠠᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶ᠎ᠠ ᠪᠣᠯᠭᠠᠬᠤ ᠬᠡᠷᠡᠭᠲᠡᠢ᠃ ᠬᠢᠨᠠᠨ ᠰᠢᠯᠭᠠᠬᠤ ᠭᠦᠢᠴᠡᠳᠬᠡᠬᠦ ᠲᠤᠭ᠎ᠠ ᠲᠠᠢ ᠬᠠᠷᠭᠤᠭᠤᠯᠤᠨ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠡᠮᠬᠢᠯᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠲᠣᠰᠬᠤᠨ ᠤ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠲᠣᠭᠲᠠᠭᠠᠵᠤ᠂ ᠲᠤᠰ ᠭᠠᠵᠠᠷ ᠤᠨ ᠡᠬᠢ ᠪᠠᠶᠠᠯᠢᠭ ᠪᠣᠯᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠤ ᠠᠵᠤ ᠠᠬᠤᠢ ᠶᠢᠨ ᠣᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠳᠬᠠᠬᠤ ᠬᠡᠷᠡᠭᠲᠡᠢ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠬᠤᠶᠠᠷ ᠵᠥᠪᠯᠡᠯ ᠤᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃    ᠲᠤᠰ ᠤᠳᠠᠭᠠᠨ ᠤ ᠬᠤᠷᠠᠯ ᠢᠶᠠᠷ ᠳᠠᠮᠵᠢᠨ᠂ ᠰᠢ ᠳ᠋ᠧᠦ ᠫᠦ᠋ ᠪᠠᠯᠭᠠᠰᠤᠨ ᠤ ᠪᠦᠬᠦ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠴᠢᠭᠯᠡᠯ ᠢᠶᠠᠨ ᠲᠣᠳᠣᠷᠬᠠᠶᠢᠯᠠᠨ᠂ ᠬᠦᠴᠦᠨ ᠴᠢᠳᠠᠯ ᠢᠶᠠᠨ ᠨᠢᠭᠲᠠᠷᠠᠭᠤᠯᠪᠠ᠃ ᠣᠯᠠᠨ ᠢᠶᠠᠷ ᠢᠶᠠᠨ᠂ ᠶᠣᠣ ᠵᠢᠶᠦ᠋ᠨ ᠵᠢᠶᠧ ᠱᠦᠵᠢ ᠶᠢᠨ ᠪᠠᠶᠢᠴᠠᠭᠠᠨ ᠰᠤᠳᠤᠯᠤᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢ ᠳ᠋ᠧᠦ ᠫᠦ᠋ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号