ᠵᠡᠮᠳᠡᠭᠴᠦᠳ ᠤᠨ ᠡᠷᠡᠭᠦᠯ ᠮᠡᠨᠳᠦ ᠶᠢ ᠨᠡᠩ ᠰᠠᠶᠢᠲᠤᠷ ᠬᠠᠯᠠᠮᠵᠢᠯᠠᠵᠤ᠂ ᠲᠡᠳᠡᠨ ᠢ ᠬᠠᠪᠰᠤᠷᠤᠨ ᠡᠷᠡᠭᠦᠯ | ᠮᠡᠨᠳᠦ ᠶᠢᠨ ᠳᠠᠯᠳᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠡᠳᠡᠨ ᠤ ᠠᠮᠢᠳᠤᠷᠠᠯ ᠪᠠ ᠡᠷᠡᠭᠦᠯᠵᠢᠯ ᠳᠤ | ᠬᠦᠴᠦᠲᠡᠢ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ᠃ 2024 ᠣᠨ ᠤ 10 ᠰᠠᠷ᠎ᠠ ᠶᠢᠨ 28 ᠤ ᠡᠳᠦᠷ᠂ | ᠪᠤᠭᠤᠲᠤ ᠬᠤᠲᠠ ᠶᠢᠨ ᠵᠡᠮᠳᠡᠭᠴᠦᠳ ᠤᠨ ᠨᠡᠶᠢᠭᠡᠮᠯᠢᠭ ᠨᠢ ᠮᠧᠢ ᠨᠢᠶᠠᠨ ᠳ᠋ᠠ ᠡᠷᠡᠭᠦᠯ ᠮᠡᠨᠳᠦ ᠶᠢᠨ ᠪᠡᠶ᠎ᠡ ᠶᠢᠨ | ᠪᠠᠶᠢᠴᠠᠭᠠᠯᠲᠠ ᠶᠢᠨ ᠲᠥᠪ ᠲᠠᠢ ᠬᠠᠮᠲᠤᠷᠠᠨ ᠰᠢ ᠳ᠋ᠧᠦ ᠫᠦ᠋ ᠪᠠᠯᠭᠠᠰᠤᠨ ᠳᠤ ᠬᠦᠷᠴᠦ ᠵᠡᠮᠳᠡᠭᠴᠦᠳ ᠢ ᠲᠤᠰᠠᠯᠠᠬᠤ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ | ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠪᠤᠭᠤᠲᠤ ᠬᠤᠲᠠ ᠶᠢᠨ ᠵᠡᠮᠳᠡᠭᠴᠦᠳ ᠤᠨ ᠬᠤᠯᠪᠣᠭ᠎ᠠ᠂ | ᠭᠦᠶᠡᠩ ᠰᠢᠶᠠᠨ ᠤ ᠵᠡᠮᠳᠡᠭᠴᠦᠳ ᠤᠨ ᠬᠤᠯᠪᠣᠭ᠎ᠠ᠂ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠢᠯᠲᠠᠳ ᠠᠵᠢᠯᠯᠠᠭ᠎ᠠ ᠳᠤ ᠣᠷᠣᠯᠴᠠᠵᠠᠢ᠃ | ᠵᠡᠮᠳᠡᠭᠴᠦᠳ ᠤᠨ ᠨᠡᠶᠢᠭᠡᠮᠯᠢᠭ᠂ ᠰᠢᠶᠠᠨ ᠤ ᠵᠡᠮᠳᠡᠭᠴᠦᠳ ᠤᠨ ᠬᠤᠯᠪᠣᠭ᠎ᠠ᠂ ᠰᠢ ᠳ᠋ᠧᠦ ᠫᠦ᠋ ᠪᠠᠯᠭᠠᠰᠤᠨ ᠤ | ᠠᠵᠢᠯᠲᠠᠨ ᠪᠠ ᠰᠠᠶᠢᠨ ᠳᠤᠷ᠎ᠠ ᠶᠢᠨ ᠦᠢᠯᠡᠴᠢᠯᠡᠭᠴᠢᠳ ᠥᠷᠯᠥᠭᠡ ᠡᠷᠲᠡ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ | ᠬᠦᠷᠴᠦ᠂ ᠲᠠᠯᠠᠪᠤᠷ ᠢ ᠨᠠᠷᠢᠨ ᠨᠢᠮᠪᠠᠢ ᠪᠠᠶᠢᠷᠢᠯᠠᠭᠤᠯᠤᠨ᠂ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠳᠤ ᠭᠦᠢᠴᠡᠳ | ᠪᠡᠯᠡᠳᠬᠡᠯ ᠬᠢᠵᠡᠢ᠃ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠳᠤ ᠪᠡᠶ᠎ᠡ ᠶᠢᠨ ᠪᠠᠶᠢᠴᠠᠭᠠᠯᠲᠠ ᠬᠢᠬᠦ᠂ ᠴᠢᠰᠤᠨ | ᠰᠢᠬᠢᠷ ᠂ ᠴᠢᠰᠤᠨ ᠳᠠᠷᠤᠯᠲᠠ᠂ ᠡᠯᠢᠭᠡᠨ ᠤ ᠠᠵᠢᠯᠯᠠᠭ᠎ᠠ᠂ ᠪᠥᠭᠡᠷᠡᠨ ᠤ ᠠᠵᠢᠯᠯᠠᠭ᠎ᠠ᠂ ᠵᠢᠷᠦᠬᠡᠨ ᠤ ᠵᠢᠷᠤᠭ ᠵᠡᠷᠭᠡ | ᠣᠯᠠᠨ ᠵᠦᠢᠯ ᠤᠨ ᠠᠭᠤᠯᠭ᠎ᠠ ᠪᠠᠭᠲᠠᠨ᠎ᠠ᠃ | ᠪᠡᠶ᠎ᠡ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠢ ᠶᠠᠭᠠᠷᠠᠤᠪᠣᠯᠪᠠᠴᠤ ᠡᠮᠬᠢ ᠵᠢᠷᠤᠮ ᠲᠠᠢ ᠪᠠᠶᠢᠵᠤ᠂ | ᠶᠠᠷᠰᠢᠭᠲᠠᠢ ᠪᠣᠯᠪᠠᠴᠤ ᠰᠠᠮᠠᠭᠤᠷᠠᠬᠤ ᠦᠭᠡᠢ᠃ ᠠᠵᠢᠯᠲᠠᠳ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ ᠶᠢ ᠬᠠᠮᠵᠢᠨ | ᠲᠠᠭᠯᠠᠵᠤ᠂ ᠪᠡᠶ᠎ᠡ ᠶᠢᠨ ᠪᠠᠶᠢᠴᠠᠭᠠᠯᠲᠠ ᠶᠢᠨ ᠵᠦᠢᠯᠡᠰ ᠢ ᠰᠠᠨᠠᠭᠤᠯᠤᠨ᠂ ᠲᠤᠬᠠᠢ ᠶᠢᠨ ᠲᠠᠯᠠᠪᠤᠷ ᠤᠨ ᠡᠮᠬᠢ ᠳᠢᠭᠯᠢᠮ ᠢ | ᠬᠠᠮᠠᠭᠠᠯᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠣᠨᠴᠠ ᠵᠠᠷᠢᠮ ᠵᠡᠮᠳᠡᠭᠴᠦᠳ ᠤᠨ ᠪᠦᠬᠦ ᠶᠠᠪᠤᠴᠠ ᠶᠢᠨ | ᠪᠠᠷ᠎ᠠ ᠪᠣᠯᠵᠤ᠂ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ | ᠡᠭᠦᠨ ᠤ ᠬᠠᠮᠲᠤ ᠨᠠᠭᠠᠰᠢ ᠴᠠᠭᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠡᠷᠡᠭᠦᠯ ᠮᠡᠨᠳᠦ ᠶᠢᠨ ᠮᠡᠳᠡᠯᠭᠡ ᠪᠠ | ᠵᠡᠮᠳᠡᠭᠴᠦᠳ ᠲᠤ ᠠᠰᠢᠭ ᠬᠦᠷᠲᠡᠭᠡᠵᠦ ᠵᠡᠮᠳᠡᠭᠴᠦᠳ ᠢ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠤᠬᠠᠭᠤᠯᠤᠨ ᠲᠦᠭᠡᠮᠡᠯᠵᠢᠭᠦᠯᠵᠦ᠂ ᠲᠡᠳᠡᠨ ᠢ ᠬᠠᠪᠰᠤᠷᠤᠨ ᠥᠪᠡᠷ ᠤᠨ ᠡᠷᠡᠭᠦᠯ ᠮᠡᠨᠳᠦ ᠶᠢ ᠬᠠᠮᠠᠭᠠᠯᠠᠬᠤ | ᠤᠬᠠᠮᠰᠠᠷ ᠢ ᠨᠢ ᠳᠡᠭᠡᠭᠰᠢᠯᠡᠭᠦᠯᠪᠡ᠃ ᠪᠠᠶᠢᠴᠠᠭᠠᠬᠤ ᠶᠠᠪᠤᠴᠠ ᠳᠤ᠂ ᠢᠷᠡᠭᠰᠡᠨ ᠡᠮᠴᠢ ᠰᠤᠪᠢᠯᠠᠭᠴᠢᠳ | ᠵᠡᠮᠳᠡᠭᠴᠦᠳ ᠲᠤ ᠬᠠᠯᠠᠭᠤᠮᠰᠤᠭ ᠢᠶᠠᠷ ᠨᠠᠷᠢᠨ ᠪᠠᠶᠢᠴᠠᠭᠠᠯᠲᠠ ᠬᠢᠵᠦ᠂ ᠣᠯᠠᠨ ᠤ ᠳᠤᠷᠠᠳᠤᠭᠰᠠᠨ ᠡᠯ᠎ᠡ ᠵᠦᠢᠯ ᠤᠨ | ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠲᠤ ᠪᠡᠶ᠎ᠡ ᠶᠢᠨ ᠪᠠᠶᠢᠳᠠᠯ ᠢ ᠨᠢ | ᠦᠨᠳᠦᠰᠦᠯᠡᠨ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠵᠢᠯᠣᠭᠤᠳᠣᠯᠭ᠎ᠠ ᠥᠭᠭᠦᠭᠰᠡᠨ ᠪᠠᠶᠢᠨ᠎ᠠ᠃ | ᠲᠤᠰ ᠤᠳᠠᠭᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠪᠠᠷ ᠳᠠᠮᠵᠢᠭᠤᠯᠤᠨ᠂ ᠪᠦᠬᠦ ᠪᠠᠯᠭᠠᠰᠤᠨ ᠤ ᠵᠡᠮᠳᠡᠭ | ᠲᠣᠰᠬᠤᠨ ᠤ ᠠᠷᠠᠳ ᠢ ᠬᠠᠪᠰᠤᠷᠤᠨ ᠲᠤᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠨᠢ ᠨᠡᠩ ᠰᠠᠶᠢᠲᠤᠷ | ᠣᠶᠢᠯᠠᠭᠠᠭᠤᠯᠵᠤ᠂ ᠲᠡᠳᠡᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠲᠠᠯ᠎ᠠ ᠪᠠᠷ | ᠵᠢᠯᠣᠭᠤᠳᠣᠯᠭ᠎ᠠ ᠪᠠ ᠯᠠᠪᠯᠠᠯᠲᠠ ᠬᠠᠩᠭᠠᠵᠤ᠂ ᠲᠡᠳᠡᠨ ᠤ ᠥᠪᠡᠷ ᠢ ᠪᠠᠨ ᠬᠦᠨᠳᠦᠳᠬᠡᠵᠦ ᠥᠪᠡᠷ ᠢ ᠪᠠᠨ ᠢᠲᠡᠭᠡᠬᠦ᠂ | ᠪᠠᠶᠠᠰᠤᠩᠭᠤᠢ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠪᠣᠢ ᠪᠣᠯᠭᠠᠬᠤ ᠳᠤ ᠪᠦᠲᠦᠮᠵᠢᠲᠡᠢ ᠬᠦᠴᠦᠨ | ᠨᠡᠮᠡᠷᠢᠯᠡᠪᠡ᠃ | ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠨᠡᠶᠢᠭᠡᠮ ᠤᠨ ᠬᠠᠶᠢᠷ᠎ᠠ ᠬᠠᠯᠠᠮᠵᠢ ᠶᠢᠨ ᠵᠡᠮᠳᠡᠭᠴᠦᠳ ᠢ | ᠲᠤᠰᠠᠯᠠᠬᠤ ᠡᠬᠢ ᠪᠠᠶᠠᠯᠢᠭ ᠢ ᠢᠳᠡᠪᠬᠢᠲᠡᠢ ᠲᠡᠮᠡᠴᠡᠨ ᠣᠯᠵᠤ᠂ ᠵᠡᠮᠳᠡᠭᠴᠦᠳ ᠤᠨ ᠣᠯᠠᠨ ᠳᠡᠰ ᠳᠠᠪᠬᠤᠷᠭ᠎ᠠ᠂ ᠣᠯᠠᠨ | ᠶᠠᠩᠵᠤ ᠶᠢᠨ ᠬᠡᠷᠡᠭᠴᠡᠭᠡ ᠶᠢ ᠣᠨᠣᠪᠴᠢᠲᠠᠢ ᠡᠵᠡᠮᠳᠡᠵᠦ᠂ ᠵᠡᠮᠳᠡᠭᠴᠦᠳ ᠤᠨ ᠬᠡᠷᠡᠭᠰᠡᠬᠦ ᠪᠠᠴᠢᠮ ᠬᠦᠰᠡᠯ | ᠡᠷᠡᠮᠡᠯᠵᠡᠯ ᠳᠤ ᠴᠠᠭ ᠲᠤᠬᠠᠢ ᠳᠤᠨᠢ ᠬᠠᠷᠢᠭᠤᠯᠲᠠ ᠥᠭᠭᠦᠨ᠎ᠡ᠃ ᠡᠭᠦᠨ ᠤ ᠬᠠᠮᠲᠤ ᠨᠡᠩ ᠣᠯᠠᠨ ᠨᠡᠶᠢᠭᠡᠮ ᠤᠨ | ᠬᠦᠴᠦᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠡᠩᠨᠡᠭᠡ ᠳᠤ ᠣᠷᠣᠯᠴᠠᠵᠤ᠂ ᠬᠠᠶᠢᠷ᠎ᠠ | ᠬᠠᠯᠠᠮᠵᠢ ᠪᠠᠷ ᠢᠶᠠᠨ ᠦᠨᠡᠨ ᠰᠡᠳᠬᠢᠯᠭᠡ ᠶᠢ ᠢᠯᠡᠷᠡᠭᠦᠯᠵᠦ᠂ ᠰᠠᠶᠢᠨ ᠦᠢᠯᠡ ᠠᠵᠢᠯᠯᠠᠭ᠎ᠠ ᠪᠠᠷ ᠡᠭᠦᠷᠭᠡᠯᠡᠯ ᠢᠶᠠᠨ | ᠲᠠᠶᠢᠯᠪᠤᠷᠢᠯᠠᠵᠤ᠂ ᠵᠡᠮᠳᠡᠭᠴᠦᠳ ᠤᠨ ᠠᠮᠢᠳᠤᠷᠠᠯ ᠪᠠ ᠬᠥᠭᠵᠢᠯᠲᠡ ᠳᠤ ᠨᠡᠩ ᠰᠠᠶᠢᠨ ᠨᠥᠬᠦᠴᠡᠯ ᠡᠭᠦᠳᠴᠦ᠂ | ᠯᠠᠪᠳᠠᠭᠤᠨ ᠪᠠᠲᠤᠲᠠᠢ ᠪᠦᠲᠦᠮᠵᠢᠲᠡᠢ ᠠᠵᠢᠯᠯᠠᠭ᠎ᠠ ᠪᠠᠷ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ᠃ |