ᠭᠦᠶᠠᠩ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
    10 ᠰᠠᠷ᠎ᠠ ᠶᠢᠨ 29 ᠤ ᠡᠳᠦᠷ᠂ ᠭᠦᠶᠡᠩ ᠰᠢᠶᠠᠨ ︽ᠲᠠᠶᠢᠯᠪᠤᠷᠢ ᠬᠢᠵᠦ ᠥᠭᠬᠦ   ᠰᠡᠳᠬᠢᠬᠦᠢ ᠶᠢ ᠪᠣᠢ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠰᠤᠷᠤᠯᠴᠠᠯᠭ᠎ᠠ ᠵᠢᠴᠢ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠨᠢ ᠭᠤᠣᠯ ᠳᠤᠭᠤᠶᠢᠯᠠᠩ ᠤᠨ ᠬᠠᠮᠲᠤᠷᠠᠨ ᠰᠤᠷᠤᠯᠴᠠᠬᠤ ᠬᠡᠯᠪᠡᠷᠢ ᠪᠠᠷ ᠶᠠᠪᠤᠭᠳᠠᠪᠠ᠃     ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠤᠷᠠᠯ ᠡᠷᠬᠢᠯᠡᠪᠡ᠃     ᠬᠤᠷᠠᠯ ᠠᠴᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠱᠢ ᠯᠢ ᠨᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠣ᠋ ᠴᠢᠶᠠᠩ ᠢ ᠤᠷᠢᠵᠤ ᠬᠤᠷᠠᠯ ᠳᠤ ᠣᠷᠣᠯᠴᠠᠭᠰᠠᠳ ᠲᠤ ᠭᠦᠶᠡᠩ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠪᠠ ᠠᠷᠭ᠎ᠠ ᠬᠡᠮᠵᠢᠶ᠎ᠡ ᠶᠢ ᠲᠠᠶᠢᠯᠪᠤᠷᠢᠯᠠᠪᠠ᠃ ᠬᠢᠴᠢᠶᠡᠯᠯᠡᠬᠦ ᠭᠤᠣᠯᠳᠠᠯᠭ᠎ᠠ ᠲᠤᠪᠤᠶᠢᠮ᠎ᠠ᠂ ᠠᠭᠤᠯᠭ᠎ᠠ ᠪᠠᠶᠠᠯᠢᠭ ᠪᠠᠶᠢᠵᠤ᠂ ᠭᠦᠨᠵᠡᠭᠡᠢ ᠪᠥᠭᠡᠳ ᠣᠶᠢᠯᠠᠭᠠᠮᠵᠢᠲᠠᠢ ᠣᠨᠣᠯ ᠤᠨ ᠲᠣᠳᠣᠷᠬᠠᠶᠢᠯᠠᠯᠲᠠ ᠪᠠᠶᠢᠬᠤ ᠮᠥᠷᠲᠡᠭᠡᠨ ᠪᠠᠰᠠ ᠦᠢᠯᠡᠳᠦᠯᠭᠡ ᠶᠢᠨ ᠲᠠᠯ᠎ᠠ ᠶᠢᠨ ᠠᠷᠭᠠᠴᠠᠬᠤ ᠪᠣᠳᠣᠯᠭ᠎ᠠ ᠶᠢᠨ ᠪᠣᠳᠣᠯᠬᠢᠯᠠᠯ ᠲᠠᠢ ᠪᠠᠶᠢᠵᠤ᠂ ᠭᠦᠶᠡᠩ ᠺᠠᠳ᠋ᠷᠴᠤᠳ ᠤᠨ ᠠᠵᠤ ᠦᠢᠯᠡᠰ ᠤᠨ ᠰᠡᠳᠬᠢᠬᠦᠢ ᠶᠢ ᠤᠯᠠᠮ ᠨᠢᠭᠡ ᠠᠯᠬᠤᠮ ᠰᠡᠩᠬᠡᠷᠡᠭᠦᠯᠵᠦ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠢ ᠪᠣᠯᠭᠠᠵᠤ᠂ ᠪᠣᠳᠠᠲᠠᠢ ᠠᠵᠢᠯᠯᠠᠬᠤ ᠶᠢ ᠠᠳᠬᠤᠬᠤ ᠡᠷᠴᠢ ᠵᠣᠷᠢᠭ ᠢᠶᠠᠨ ᠬᠥᠪᠴᠢᠯᠡᠵᠦ᠂ ᠲᠦᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠪᠠ ᠪᠣᠳᠠᠲᠠᠢ ᠠᠵᠢᠯᠯᠠᠬᠤ ᠦᠨ᠎ᠡ ᠥᠷᠲᠡᠭ ᠲᠠᠢ ᠶᠤᠮ᠃     ᠬᠤᠷᠠᠯ ᠠᠴᠠ᠂ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠯᠡᠬᠦ ᠰᠡᠳᠬᠢᠬᠦᠢ ᠶᠢ ᠪᠠᠲᠤ ᠪᠣᠢ ᠪᠣᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢᠨ ᠤᠷᠢᠲᠠᠯ ᠪᠣᠯ ᠠᠰᠠᠭᠤᠳᠠᠯ ᠢ ᠢᠯᠡᠷᠡᠭᠦᠯᠵᠦ᠂ ᠦᠨᠡᠨ ᠠᠰᠠᠭᠤᠳᠠᠯ ᠢ ᠡᠷᠢᠵᠦ ᠭᠠᠷᠭᠠᠬᠤ ᠶᠠᠪᠤᠳᠠᠯ ᠪᠣᠯᠤᠨ᠎ᠠ᠃ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠠᠰᠠᠭᠤᠳᠠᠯ ᠢ ᠵᠠᠳᠠᠯᠬᠤ ᠴᠢᠳᠠᠪᠤᠷᠢ ᠪᠠᠨ ᠴᠢᠩᠭᠠᠳᠬᠠᠵᠤ᠂ ᠠᠰᠠᠭᠤᠳᠠᠯ ᠤᠨ ᠠᠷᠤ ᠳᠠᠬᠢ ᠭᠦᠨ ᠳᠠᠪᠬᠤᠷᠭ᠎ᠠ ᠶᠢᠨ ᠰᠢᠯᠲᠠᠭᠠᠨ ᠢ ᠰᠤᠳᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠵᠢᠯ ᠢᠶᠠᠨ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ᠂ ᠥᠷᠲᠡᠭ ᠢ ᠡᠭᠦᠳᠬᠦ᠂ ᠠᠮᠵᠢᠯᠲᠠ ᠪᠦᠲᠦᠮᠵᠢ ᠭᠠᠷᠭᠠᠬᠤ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠡᠭᠦᠷᠭᠡ ᠶᠢ ᠪᠣᠳᠠᠲᠠᠢ ᠠᠳᠬᠤᠬᠤ ᠬᠡᠷᠡᠭᠲᠡᠢ᠃ ᠣᠳᠣᠬᠠᠨ ᠳᠤ ᠵᠢᠯ ᠤᠨ ᠡᠴᠦᠰ ᠪᠣᠯᠲᠠᠯ᠎ᠠ ᠵᠥᠪᠬᠡᠨ 2 ᠰᠠᠷ᠎ᠠ ᠶᠢᠨ ᠬᠤᠭᠤᠴᠠᠭ᠎ᠠ ᠦᠯᠡᠳᠡᠵᠦ᠂ ᠡᠯ᠎ᠡ ᠵᠦᠢᠯ ᠤᠨ ᠠᠵᠢᠯ ᠴᠥᠮ ᠰᠡᠭᠦᠯ ᠬᠤᠷᠢᠶᠠᠬᠤ ᠵᠠᠩᠭᠢᠯᠠᠭ᠎ᠠ ᠶᠢᠨ ᠦᠶ᠎ᠡ ᠳᠤ ᠣᠷᠣᠵᠤ᠂ ᠳᠡᠭᠡᠳᠦ ᠱᠠᠲᠤᠨ ᠤ ᠡᠭᠦᠷᠭᠡ᠂ ᠲᠤᠰ ᠱᠠᠲᠤᠨ ᠤ ᠬᠠᠷᠠᠯᠲᠠ ᠳᠤ ᠪᠦᠬᠦ ᠲᠠᠯ᠎ᠠ ᠪᠠᠷ ᠬᠠᠨᠳᠤᠵᠤ ᠂ ᠴᠢᠬᠤᠯᠠ ᠶᠡᠭᠡ ᠲᠥᠷᠥᠯ ᠵᠦᠢᠯ᠂ ︽ᠬᠤᠶᠠᠷ ᠰᠢᠨ᠎ᠡ︾ ᠲᠥᠷᠥᠯ ᠵᠦᠢᠯ ᠪᠠ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ ᠶᠢ ᠲᠥᠯᠥᠪᠵᠢᠭᠦᠯᠬᠦ᠂ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠨᠡᠩ ᠣᠯᠠᠨ ᠰᠢᠨ᠎ᠡ ᠨᠡᠮᠡᠭᠳᠡᠯ ᠤᠨ ᠴᠡᠭ ᠢ ᠪᠣᠢ ᠪᠣᠯᠭᠠᠬᠤ ᠬᠡᠷᠡᠭᠲᠡᠢ᠃ ᠭᠤᠷᠪᠠ ᠳᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠤᠨ ᠣᠶᠢᠯᠠᠭᠠᠭᠳᠠᠬᠤᠨ ᠪᠣᠯᠤᠨ ᠠᠵᠢᠯ ᠤᠨ ᠠᠷᠭ᠎ᠠ ᠬᠡᠯᠪᠡᠷᠢ ᠪᠠᠨ ᠦᠨᠡᠨ ᠬᠦ ᠬᠤᠪᠢᠷᠠᠭᠤᠯᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠲᠦᠷᠦᠭᠦᠯᠡᠨ ᠪᠠᠲᠤ ᠪᠣᠢ ᠪᠣᠯᠭᠠᠵᠤ᠂ ᠰᠢᠯᠭᠠᠯᠲᠠ ᠲᠤᠰᠢᠶᠠᠬᠤ ᠤᠬᠠᠮᠰᠠᠷ᠂ ᠳᠠᠩᠰᠠ ᠮᠡᠳᠡᠭᠦᠯᠬᠦ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠲᠦᠷᠦᠭᠦᠯᠡᠨ ᠴᠢᠩᠭᠠᠳᠬᠠᠵᠤ᠂ ᠴᠠᠭ ᠲᠤᠬᠠᠢ ᠳᠤᠨᠢ ᠪᠣᠳᠠᠲᠠᠢ ᠶᠢ ᠡᠷᠬᠢᠮᠯᠡᠨ ᠪᠣᠳᠠᠲᠠᠶᠢᠵᠢᠭᠤᠯᠬᠤ ᠰᠤᠷᠲᠠᠯ ᠢ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠡᠩ ᠣᠯᠠᠨ ᠪᠣᠳᠠᠲᠤ ᠦᠷ᠎ᠡ ᠪᠦᠲᠦᠮᠵᠢ ᠣᠯᠵᠤ᠂ ᠲᠡᠷᠢᠭᠦᠨ ᠤ ᠠᠮᠵᠢᠯᠲᠠ ᠪᠦᠲᠦᠮᠵᠢ ᠪᠠᠷ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠵᠦ᠂ ᠭᠦᠶᠡᠩ ᠢᠶᠠᠨ ᠬᠠᠶᠢᠷᠠᠯᠠᠵᠤ᠂ ᠬᠥᠭᠵᠢᠯᠲᠡ ᠶᠢ ᠡᠷᠢᠯᠬᠢᠯᠡᠬᠦ︾ ᠬᠡᠷᠡᠭᠲᠡᠢ  ᠭᠡᠵᠦ᠍ ᠱᠠᠭᠠᠷᠳᠠᠪᠠ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号