ᠰᠧ ᠹᠧᠨ ᠽᠢ ᠲᠣᠰᠬᠤᠨ ᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ︽ᠲᠠᠷᠢᠶᠠᠯᠠᠩ ᠢ ᠳᠡᠮᠵᠢᠬᠦ ᠨᠠᠮᠤᠷ ᠤᠨ ᠬᠤᠷᠢᠶᠠᠯᠲᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/30
    ᠬᠠᠪᠤᠷ ᠤᠨ ᠤᠯᠠᠷᠢᠯ ᠳᠤ ᠨᠢᠭᠡ ᠮᠥᠬᠦᠯᠢᠭ ᠠᠮᠤ ᠲᠠᠷᠢᠵᠤ᠂ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠠᠮᠤ ᠬᠤᠷᠢᠶᠠᠳᠠᠭ᠃ ᠣᠳᠣᠬᠠᠨ ᠳᠤ ᠶᠠᠭ ᠨᠠᠮᠤᠷ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠂ ᠲᠠᠷᠢᠶᠠᠯᠠᠩ ᠤᠨ ᠮᠠᠰᠢᠨ ᠬᠠᠷᠢᠴᠠᠩᠭᠤᠢ ᠪᠠᠷ ᠳᠤᠲᠠᠭᠳᠠᠵᠤ ᠪᠠᠶᠢᠨ᠎ᠠ᠂ ᠨᠠᠮᠤᠷ ᠤᠨ ᠬᠤᠷᠢᠶᠠᠯᠲᠠ ᠶᠢᠨ ᠠᠵᠢᠯ ᠲᠤᠯᠭᠠᠮ᠎ᠠ ᠪᠠᠶᠢᠨ᠎ᠠ᠃ ᠲᠣᠰᠬᠤᠨ ᠤ ᠠᠷᠠᠳ ᠤᠨ ᠨᠠᠮᠤᠷ ᠤᠨ ᠬᠤᠷᠢᠶᠠᠯᠲᠠ ᠶᠢᠨ ᠪᠠᠴᠢᠮ ᠪᠠᠶᠢᠳᠠᠯ ᠢ ᠰᠢᠢᠳᠪᠦᠷᠢᠯᠡᠬᠦ ᠶᠢᠨ ᠲᠥᠯᠥᠭᠡ᠂ 10 ᠰᠠᠷ᠎ᠠ ᠶᠢᠨ 29 ᠤ ᠡᠳᠦᠷ᠂ ᠰᠧ ᠹᠧᠨ ᠽᠢ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠶᠢ ᠰᠧ ᠹᠧᠨ ᠽᠢ ᠲᠣᠰᠬᠤᠨ ᠤ ᠰᠢᠦᠢ ᠱᠦᠵᠢ ᠳᠠᠭᠠᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠴᠠ ᠢᠳᠡᠪᠬᠢᠲᠡᠢ ᠣᠷᠣᠯᠴᠠᠵᠤ ᠂ ᠪᠦᠬᠦ ᠬᠦᠴᠦᠨ ᠢᠶᠠᠷ ᠢᠶᠠᠨ ᠲᠠᠷᠢᠶᠠᠴᠢᠳ ᠢ ᠬᠠᠪᠰᠤᠷᠤᠨ ᠡᠷᠳᠡᠨᠢ ᠰᠢᠰᠢ ᠬᠤᠷᠢᠶᠠᠪᠠ᠃     ᠦᠵᠡᠰᠬᠦᠯᠡᠩᠲᠦ ᠰᠠᠶᠢᠬᠠᠨ ᠠᠯᠲᠠᠨ ᠰᠢᠷᠭᠠᠯ ᠥᠩᠭᠡ ᠨᠢ ᠨᠠᠮᠤᠷ ᠤᠨ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠵᠤ᠂ ᠣᠳᠣᠬᠠᠨ ᠳᠤ ᠶᠠᠭ ᠡᠷᠳᠡᠨᠢ ᠰᠢᠰᠢ ᠪᠣᠯᠪᠠᠰᠤᠷᠠᠩᠭᠤᠢ ᠪᠣᠯᠵᠣ᠂ ᠪᠠᠰᠠ ᠡᠷᠳᠡᠨᠢ ᠰᠢᠰᠢ ᠶᠢ ᠵᠠᠪᠳᠤᠨ ᠬᠤᠷᠢᠶᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠳᠥᠷᠪᠡᠨ ᠬᠤᠪᠢ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠵᠢᠩᠬᠢᠨᠢ ᠪᠠᠷ ᠲᠠᠷᠢᠶᠠᠯᠠᠩ ᠢ ᠲᠤᠰᠠᠯᠠᠬᠤ ᠬᠠᠳᠤᠵᠤ ᠬᠤᠷᠢᠶᠠᠬᠤ ᠬᠠᠯᠠᠭᠤᠨ ᠥᠷᠨᠢᠯᠲᠡ ᠳᠤ ᠣᠷᠣᠵᠤ᠂ ᠣᠯᠠᠨ ᠲᠦᠮᠡᠨ ᠤ ᠪᠠᠴᠢᠮ ᠢ ᠪᠠᠴᠢᠮᠳᠠᠵᠤ᠂ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ︽ᠣᠯᠠᠨ ᠲᠦᠮᠡᠨ ᠤ ᠤᠴᠢᠷ ᠶᠠᠪᠤᠳᠠᠯ ᠢ ᠰᠢᠢᠳᠪᠦᠷᠢᠯᠡᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠪᠡ᠃     ᠳᠠᠷᠠᠭᠠᠴᠢ ᠶᠢᠨ ᠠᠯᠬᠤᠮ ᠳᠤ᠂ ᠵᠢᠨᠱᠠᠨ ᠪᠠᠯᠭᠠᠰᠤ ᠦᠷᠭᠦᠯᠵᠢᠯᠡᠨ ᠪᠦᠬᠦ ᠪᠠᠯᠭᠠᠰᠤᠨ ᠤ ᠡᠯ᠎ᠡ ᠲᠣᠰᠬᠤᠨ ᠨᠡᠶᠢᠭᠡᠮ ᠲᠣᠭᠤᠷᠢᠭ ᠤᠨ ᠬᠦᠴᠦᠨ ᠢ ᠨᠢᠭᠲᠠᠷᠠᠭᠤᠯᠵᠤ᠂ ︽ᠤᠴᠢᠷ ᠲᠠᠢ ᠪᠣᠯ ᠭᠠᠷ ᠲᠦᠷᠦᠭᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠠᠷᠢᠶᠠᠴᠢᠨ ᠲᠦᠮᠡᠨ ᠳᠤ ᠬᠠᠪᠰᠤᠷᠤᠨ ᠨᠠᠮᠤᠷ ᠤᠨ ᠬᠤᠷᠢᠶᠠᠯᠲᠠ ᠶᠢᠨ ᠠᠵᠢᠯ ᠢ ᠰᠠᠶᠢᠲᠤᠷ ᠬᠢᠬᠦ ᠪᠣᠯᠤᠨ᠎ᠠ᠃ ᠡᠭᠦᠨ ᠤ ᠬᠠᠮᠲᠤ᠂ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠲᠠᠯ᠎ᠠ ᠶᠢᠨ ᠶᠠᠪᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯ ᠲᠠᠢ ᠪᠣᠯ ᠬᠠᠪᠰᠤᠷᠴᠤ᠂ ᠬᠦᠴᠢᠷᠳᠡᠯ ᠲᠠᠢ ᠪᠣᠯ ᠲᠤᠰᠠᠯᠠᠮᠵᠢ ᠲᠠᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠵᠣᠪᠠᠭᠤᠷᠢ ᠶᠢ ᠬᠤᠪᠢᠶᠠᠯᠴᠠᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号