ᠪᠥᠬᠦ ᠰᠢᠶᠠᠨ ᠤ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ᠄ | ᠡᠩ ᠲᠡᠷᠢᠭᠦᠨ ᠳᠤ ᠲᠠ ᠪᠣᠯᠤᠨ ᠲᠠᠨ ᠤ ᠭᠡᠷ ᠤᠨ ᠬᠥᠮᠦᠰ ᠲᠤ ᠴᠢᠩ ᠰᠡᠳᠬᠢᠯ ᠤᠨ ᠮᠡᠨᠳᠦᠴᠢᠯᠡᠯ ᠪᠠ ᠵᠥᠩᠨᠡᠯ | ᠳᠡᠪᠰᠢᠭᠦᠯᠦᠶ᠎ᠡ︕ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠪᠣᠯ | ᠥᠷᠭᠡᠨ ᠣᠯᠠᠨ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠭᠡᠷ ᠪᠦᠯᠢ ᠶᠢᠨ ᠵᠣᠯ ᠵᠢᠷᠭᠠᠯ ᠲᠠᠢ | ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤᠷ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠢ ᠴᠠᠭ ᠬᠤᠭᠤᠴᠠᠭ᠎ᠠ ᠶᠣᠰᠣᠭᠠᠷ ᠲᠤᠰᠢᠶᠠᠬᠤ ᠨᠢ ᠬᠥᠮᠦᠨ ᠨᠢᠭᠡᠪᠦᠷᠢ ᠶᠢᠨ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠬᠤ ᠶᠤᠮ᠃ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠳᠤ ᠣᠯᠠᠨ ᠢ ᠬᠠᠪᠰᠤᠷᠤᠨ ᠡᠪᠡᠳᠴᠢᠯᠡᠪᠡᠯ ᠲᠦᠰᠢᠭ | ᠲᠤᠯᠭᠠᠭᠤᠷᠢ ᠲᠠᠢ᠂ ᠡᠮᠴᠢᠯᠡᠭᠡ ᠳᠤ ᠪᠠᠲᠤᠯᠠᠭ᠎ᠠ ᠲᠠᠢ ᠪᠣᠯᠭᠠᠬᠤ ᠶᠢ ᠪᠡᠶᠡᠯᠡᠭᠦᠯᠦᠨ᠎ᠡ᠃ ᠣᠳᠣᠬᠠᠨ ᠳᠤ ᠶᠠᠭ ᠵᠢᠯ ᠳᠤ ᠨᠢᠭᠡ | ᠤᠳᠠᠭ᠎ᠠ ᠶᠠᠪᠤᠭᠳᠠᠳᠠᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠪᠠᠶᠢᠵᠤ᠂ ᠲᠠ 2025 ᠣᠨ ᠳᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢ | ᠠᠩᠬᠠᠷᠬᠤ ᠶᠢᠨ ᠬᠠᠮᠲᠤ ᠲᠠᠨ ᠤ ᠲᠥᠷᠥᠯ ᠰᠠᠳᠤᠨ ᠨᠠᠶᠢᠵᠠ ᠨᠥᠬᠦᠳ ᠢ ᠴᠠᠭ ᠲᠤᠬᠠᠢ ᠳᠤᠨᠢ ᠰᠦᠢᠳᠬᠡᠯ ᠲᠤᠰᠢᠶᠠᠬᠤ ᠶᠢ | ᠳᠠᠶᠢᠴᠢᠯᠠᠬᠤ ᠪᠠ ᠰᠠᠨᠠᠭᠤᠯᠵᠤ᠂ ᠰᠦᠢᠳᠬᠡᠯ ᠲᠤᠰᠢᠶᠠᠬᠤ ᠴᠠᠭ ᠢ ᠰᠠᠭᠠᠲᠠᠭᠠᠬᠤ ᠠᠴᠠ ᠵᠠᠶᠢᠯᠠᠰᠬᠢᠵᠦ ᠪᠠᠶᠢᠨ᠎ᠠ᠃ ᠥᠪᠡᠷ ᠤᠨ | ᠪᠡᠶ᠎ᠡ ᠪᠠ ᠭᠡᠷ ᠤᠨ ᠬᠥᠮᠦᠰ ᠤᠨ ᠢᠶᠠᠨ ᠡᠷᠡᠭᠦᠯ ᠮᠡᠨᠳᠦ ᠶᠢᠨ ᠲᠥᠯᠥᠭᠡ᠂ ᠣᠯᠠᠨ ᠢᠶᠠᠷ ᠢᠶᠠᠨ ᠢᠳᠡᠪᠬᠢᠲᠡᠢ ᠪᠠᠷ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠵᠠᠢ᠃ | ᠥᠷᠭᠡᠨ ᠣᠯᠠᠨ ᠰᠠᠭᠤᠭᠠᠯᠢ ᠠᠷᠠᠳ ᠲᠤ ᠳᠠᠬᠢᠨᠲᠠ ᠰᠠᠨᠠᠭᠤᠯᠤᠭᠰᠠᠨ ᠨᠢ᠂ 2025 ᠣᠨ ᠳᠤ ᠪᠤᠭᠤᠲᠤ ᠬᠤᠲᠠ ᠶᠢᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ 400 | ᠲᠥᠭᠦᠷᠢᠭ ᠤᠨ ᠰᠦᠢᠳᠬᠡᠯ ᠲᠤᠰᠢᠶᠠᠵᠤ᠂ ᠡᠯ᠎ᠡ ᠱᠠᠲᠤᠨ ᠤ ᠡᠳ᠋ ᠤᠨ ᠵᠠᠰᠠᠭ 670 ᠲᠥᠭᠦᠷᠢᠭ ᠨᠥᠬᠦᠪᠥᠷᠢᠯᠡᠨ᠎ᠡ᠃ | ᠲᠥᠪᠯᠡᠷᠡᠭᠦᠯᠦᠨ ᠰᠦᠢᠳᠬᠡᠯ ᠲᠤᠰᠢᠶᠠᠬᠤ ᠴᠠᠭ ᠨᠢ 2024 ᠣᠨ ᠤ 9 ᠰᠠᠷ᠎ᠠ ᠶᠢᠨ 27 ᠤ ᠡᠳᠦᠷ ᠠᠴᠠ 2025 ᠣᠨ ᠤ | 2 ᠰᠠᠷ᠎ᠠ ᠶᠢᠨ 28 ᠤ ᠡᠳᠦᠷ ᠪᠣᠯᠲᠠᠯ᠎ᠠ᠂ ᠬᠤᠭᠤᠴᠠᠭ᠎ᠠ ᠬᠡᠲᠦᠷᠡᠲᠡᠯ᠎ᠡ ᠳᠠᠬᠢᠨ ᠲᠤᠰᠢᠶᠠᠪᠠᠯ ᠬᠠᠷᠠᠭᠠᠯᠵᠠᠯ ᠤᠨ ᠬᠦᠯᠢᠶᠡᠬᠦ | ᠬᠤᠭᠤᠴᠠᠭ᠎ᠠ ᠶᠢ ᠲᠣᠬᠢᠷᠠᠭᠤᠯᠤᠨ᠎ᠠ᠃ ᠣᠯᠠᠨ ᠢᠶᠠᠷ ᠢᠶᠠᠨ ᠥᠷᠭᠡᠨ ᠢᠶᠠᠷ ᠤᠬᠠᠭᠤᠯᠬᠤ ᠪᠠ ᠤᠯᠠᠮᠵᠢᠯᠠᠨ ᠶᠠᠪᠤᠭᠤᠯᠤᠭᠠᠷᠠᠢ᠃ | ᠬᠠᠮᠤᠭ ᠰᠡᠭᠦᠯ ᠳᠤ᠂ ᠥᠷᠭᠡᠨ ᠣᠯᠠᠨ ᠰᠠᠭᠤᠭᠠᠯᠢ ᠠᠷᠠᠳ ᠭᠡᠷ ᠬᠤᠲᠠᠯᠠᠭᠠᠷ ᠢᠶᠠᠨ ᠪᠠᠶᠠᠷ ᠬᠦᠷ ᠲᠠᠢ ᠪᠠᠶᠢᠬᠤ ᠶᠢ ᠴᠢᠩ | ᠰᠡᠳᠬᠢᠯ ᠠᠴᠠ ᠪᠠᠨ ᠢᠷᠥᠭᠡᠶ᠎ᠡ︕ | | ᠭᠦᠶᠡᠩ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ |