ᠪᠥᠬᠦ ᠰᠢᠶᠠᠨ ᠤ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠲᠤ᠄ | ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠵᠥᠷᠢᠴᠡᠯ | ᠵᠢᠭᠤᠷᠠᠯᠳᠤᠭᠠᠨ ᠢ ᠠᠷᠢᠯᠭᠠᠬᠤ ︽ᠬᠠᠮᠤᠭ ᠣᠯᠠᠨ ᠳᠠᠭᠠᠨ ᠭᠠᠭᠴᠠ ᠭᠠᠵᠠᠷ ᠭᠦᠶᠦᠯᠭᠡᠬᠦ︾᠂ ︽ᠬᠦᠯᠢᠶᠡᠨ ᠠᠪᠴᠤ | ᠭᠦᠢᠴᠡᠳᠬᠡᠬᠦ ᠶᠢ ᠡᠴᠦᠰ ᠲᠤᠨᠢ ᠲᠤᠯᠲᠠᠯ᠎ᠠ ᠬᠡᠷᠡᠭᠵᠢᠭᠦᠯᠬᠦ︾ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ | ᠠᠬᠢᠭᠤᠯᠬᠤ ᠶᠢᠨ ᠲᠥᠯᠥᠭᠡ᠂ ᠮᠠᠨ ᠤ ᠰᠢᠶᠠᠨ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠲᠥᠪ ᠢ ᠳᠠᠬᠢᠨ | ᠵᠢᠷᠤᠮᠵᠢᠭᠤᠯᠤᠨ ᠪᠠᠶᠢᠭᠤᠯᠪᠠ᠃ 2024 ᠣᠨ ᠤ 11 ᠰᠠᠷ᠎ᠠ ᠶᠢᠨ 11 ᠤ ᠡᠳᠦᠷ ᠠᠴᠠ ᠡᠬᠢᠯᠡᠨ᠂ ᠭᠦᠶᠡᠩ ᠰᠢᠶᠠᠨ ᠤ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠢ ᠰᠢᠨ᠎ᠡ ᠭᠠᠵᠠᠷ ᠲᠤ ᠨᠡᠭᠦᠯᠭᠡᠬᠦ ᠶᠢᠨ ᠬᠠᠮᠲᠤ ᠡᠬᠢᠯᠡᠨ | ᠠᠵᠢᠯᠯᠠᠭᠤᠯᠬᠤ ᠶᠢᠨ ᠬᠠᠮᠲᠤ ᠤᠤᠯ ᠤᠨ ᠠᠵᠢᠯᠯᠠᠬᠤ ᠭᠠᠵᠠᠷ ︵ᠭᠦᠶᠡᠩ ᠰᠢᠶᠠᠨ ᠤ ᠵᠢᠨᠱᠠᠨ ᠪᠠᠯᠭᠠᠰᠤᠨ ᠤ ᠲᠤᠸᠠᠨ ᠵᠢᠶᠧ | ᠭᠤᠳᠤᠮᠵᠢ ᠶᠢᠨ 5 ᠳ᠋ᠤᠭᠠᠷ ᠲᠣᠭᠠᠲᠤ︶ ᠤᠨ ᠲᠤᠬᠠᠶᠢᠯᠠᠭᠰᠠᠨ ᠠᠵᠢᠯ ᠢ ᠳᠠᠬᠢᠵᠤ ᠬᠦᠯᠢᠶᠡᠨ ᠠᠪᠴᠤ ᠰᠢᠢᠳᠪᠦᠷᠢᠯᠡᠬᠦ ᠦᠭᠡᠢ | ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠠᠵᠢᠯᠯᠠᠬᠤ ᠰᠢᠨ᠎ᠡ ᠬᠠᠶ᠋ᠢᠭ᠄ ᠭᠦᠶᠡᠩ ᠰᠢᠶᠠᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠨᠢᠭᠡᠳᠦᠭᠡᠷ | ᠳᠠᠪᠬᠤᠷᠯᠢᠭ ᠤᠨ ᠦᠢᠯᠡᠴᠢᠯᠡᠭᠡᠨ ᠤ ᠵᠦᠢᠯᠡᠰ᠄ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠬᠡᠷᠡᠭ ᠪᠣᠯᠭᠠᠨ ᠳᠠᠩᠰᠠᠯᠠᠵᠤ | ᠲᠦᠷᠭᠡᠨ ᠲᠠᠰᠤᠯᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠥᠳᠡᠯᠮᠦᠷᠢ ᠶᠢᠨ | ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠨᠤᠲᠠᠯᠠᠯᠲᠠ ᠬᠢᠬᠦ᠂ ᠰᠡᠳᠬᠢᠴᠡ ᠶᠢᠨ ᠵᠥᠪᠯᠡᠯᠭᠡ ᠥᠭᠬᠦ ᠵᠡᠷᠭᠡ | ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ ᠯᠡ ᠥᠷᠲᠡᠭᠡᠨ ᠤ ᠮᠠᠶ᠋ᠢᠭ ᠢᠶᠠᠷ | ᠬᠦᠯᠢᠶᠡᠨ ᠠᠪᠴᠤ ᠰᠢᠢᠳᠪᠦᠷᠢᠯᠡᠬᠦ᠂ ᠪᠦᠬᠦᠨ ᠢ ᠵᠣᠬᠢᠴᠠᠭᠤᠯᠤᠨ ᠰᠢᠢᠳᠪᠦᠷᠢᠯᠡᠬᠦ᠂ ᠨᠢᠭᠡ ᠬᠡᠯᠬᠢᠶ᠎ᠡ ᠠᠷᠢᠯᠭᠠᠬᠤ︾ ᠶᠢ ᠦᠨᠡᠨ | ᠬᠦ ᠪᠡᠶᠡᠯᠡᠭᠦᠯᠦᠨ᠎ᠡ᠃ | ᠭᠦᠶᠡᠩ ᠰᠢᠶᠠᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠠᠵᠢᠯ ᠢ ᠬᠠᠯᠠᠮᠵᠢᠯᠠᠨ | ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠪᠢᠳᠡ ᠣᠯᠠᠨ ᠳᠤ ᠣᠯᠠᠨ ᠠᠷᠭ᠎ᠠ ᠵᠠᠮ᠂ ᠣᠯᠠᠨ ᠳᠡᠰ ᠳᠠᠪᠬᠤᠷᠭ᠎ᠠ᠂ | ᠣᠯᠠᠨ ᠲᠥᠷᠥᠯ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ | ᠬᠠᠷᠢᠯᠴᠠᠬᠤ ᠤᠲᠠᠰᠤ᠄ 0472 - 2785526 | ᠣᠨᠴᠠᠭᠠᠶᠢᠯᠠᠨ ᠵᠠᠷᠯᠠᠪᠠ︕ | | ᠭᠦᠶᠡᠩ ᠰᠢᠶᠠᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ | 2024 ᠣᠨ ᠤ 11 ᠰᠠᠷ᠎ᠠ ᠶᠢᠨ 10 ᠤ ᠡᠳᠦᠷ |