ᠭᠦᠶᠡᠩ ᠰᠢᠶᠠᠨ ᠤ 2024 ᠣᠨ ᠤ ᠳᠣᠣᠷ᠎ᠠ ᠬᠠᠭᠠᠰ ᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠳᠤ ᠵᠣᠷᠢᠭᠤᠯᠤᠭᠰᠠᠨ ᠨᠢᠭᠤᠷᠳᠠᠨ ᠰᠢᠯᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/11/23
     ︽ᠭᠦᠶᠡᠩ ᠰᠢᠶᠠᠨ ᠤ 2024 ᠣᠨ ᠤ ᠳᠣᠣᠷ᠎ᠠ ᠬᠠᠭᠠᠰ ᠵᠢᠯ ᠳᠤ ᠰᠤᠷᠭᠠᠨ ᠬᠥᠮᠦᠵᠢᠯ ᠤᠨ ᠰᠢᠰᠲ᠋ᠧᠮ ᠢ ᠣᠷᠣᠭᠤᠯᠤᠨ ᠠᠪᠴᠢᠷᠠᠬᠤ ᠳᠤ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ︾ ᠤᠨ ᠳᠡᠰ ᠳᠠᠷᠠᠭᠠᠯᠠᠯ ᠤᠨ ᠲᠣᠭᠲᠠᠭᠠᠯ ᠢ ᠦᠨᠳᠦᠰᠦᠯᠡᠪᠡᠯ᠂ ᠣᠳᠣ ᠭᠦᠶᠡᠩ ᠰᠢᠶᠠᠨ ᠤ 2024 ᠣᠨ ᠤ ᠳᠣᠣᠷ᠎ᠠ ᠬᠠᠭᠠᠰ ᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠣᠷᠣᠭᠤᠯᠤᠨ ᠠᠪᠴᠢᠷᠠᠬᠤ ᠳᠤ ᠳᠤᠲᠠᠭᠳᠠᠵᠤ ᠪᠠᠶᠢᠭ᠎ᠠ ᠪᠠᠴᠢᠮ ᠬᠡᠷᠡᠭᠰᠡᠬᠦ ᠴᠢᠳᠠᠪᠤᠷᠢᠲᠠᠨ ᠢ ᠨᠢᠭᠤᠷᠳᠠᠨ ᠰᠢᠯᠭᠠᠬᠤ ᠠᠵᠢᠯ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠨᠢᠭᠤᠷᠳᠠᠨ ᠰᠢᠯᠭᠠᠬᠤ ᠠᠵᠢᠯᠲᠠᠨ ᠤ ᠬᠡᠪᠴᠢᠶ᠎ᠡ     ᠨᠡᠷ᠎ᠡ ᠮᠡᠳᠡᠭᠦᠯᠦᠭᠡᠳ ᠬᠢᠷᠢ ᠲᠡᠩᠴᠡᠭᠰᠡᠳ     ᠬᠤᠶᠠᠷ᠂ ᠨᠢᠭᠤᠷᠳᠠᠨ ᠰᠢᠯᠭᠠᠬᠤ ᠴᠠᠭ᠂ ᠭᠠᠵᠠᠷ     1. ᠨᠢᠭᠤᠷᠳᠠᠨ ᠰᠢᠯᠭᠠᠬᠤ ᠴᠠᠭ᠄ 2024 ᠣᠨ ᠤ 11 ᠰᠠᠷ᠎ᠠ ᠶᠢᠨ 24 ᠤ ᠡᠳᠦᠷ ︵ᠭᠠᠷᠠᠭ ᠤᠨ ᠡᠳᠦᠷ︶ ᠤᠨ ᠦᠳᠡ ᠶᠢᠨ ᠡᠮᠦᠨᠡᠬᠢ 8 ᠴᠠᠭ ᠠᠴᠠ ᠡᠬᠢᠯᠡᠨ᠂ ᠨᠢᠭᠤᠷᠳᠠᠨ ᠰᠢᠯᠭᠠᠬᠤ ᠰᠢᠯᠭᠠᠭᠤᠯᠤᠭᠴᠢ 7᠄ 00 ᠴᠠᠭ ᠲᠤ ᠡᠷᠬᠡᠪᠰᠢ ᠲᠠᠯᠠᠪᠠᠢ ᠳᠤ ᠬᠦᠷᠴᠦ᠂ 7᠄ 30 ᠴᠠᠭ ᠲᠤ ᠰᠢᠪᠠᠭ᠎ᠠ ᠰᠤᠭᠤᠯᠬᠤ ᠬᠡᠷᠡᠭᠲᠡᠢ᠃ ᠰᠢᠪᠠᠭ᠎ᠠ ᠰᠤᠭᠤᠯᠬᠤ ᠳᠠᠷᠠᠭᠠᠯᠠᠯ ᠢᠶᠠᠷ ᠨᠢ ᠨᠢᠭᠤᠷᠳᠠᠨ ᠰᠢᠯᠭᠠᠬᠤ ᠳᠤ ᠣᠷᠣᠯᠴᠠᠵᠤ᠂ ᠰᠢᠪᠠᠭ᠎ᠠ ᠰᠤᠭᠤᠯᠵᠤ ᠡᠬᠢᠯᠡᠬᠦ ᠳᠡᠭᠡᠨ ᠰᠢᠯᠭᠠᠬᠤ ᠪᠠᠷ ᠬᠦᠯᠢᠶᠡᠬᠦ ᠲᠠᠰᠤᠭ ᠲᠤ ᠮᠥᠨ ᠯᠡ ᠬᠦᠷᠦᠭᠡᠳᠦᠢ ᠪᠠᠶᠢᠪᠠᠯ᠂ ᠦᠯᠡᠳᠡᠭᠰᠡᠨ ᠭᠠᠷ ᠤᠨ ᠦᠰᠦᠭ ᠵᠢᠷᠤᠬᠤ ᠨᠣᠮᠧᠷ ᠨᠢ ᠲᠤᠰ ᠨᠢᠭᠤᠷᠳᠠᠨ ᠰᠢᠯᠭᠠᠬᠤ ᠠᠵᠢᠯᠲᠠᠨ ᠤ ᠳᠠᠷᠠᠭᠠᠯᠠᠯ ᠤᠨ ᠳ᠋ᠤᠭᠠᠷ ᠢᠶᠠᠷ ᠪᠠᠶᠢᠵᠤ᠂ ᠪᠦᠬᠦ ᠲᠠᠯᠠᠪᠤᠷ ᠤᠨ ᠨᠢᠭᠤᠷᠳᠠᠨ ᠰᠢᠯᠭᠠᠯᠲᠠ ᠡᠬᠢᠯᠡᠭᠰᠡᠨ ᠤ ᠳᠠᠷᠠᠭ᠎ᠠ ᠮᠥᠨ ᠯᠡ ᠰᠢᠯᠭᠠᠯᠲᠠ ᠪᠠᠨ ᠬᠦᠯᠢᠶᠡᠬᠦ ᠲᠠᠰᠤᠭ ᠲᠤ ᠬᠦᠷᠦᠭᠡᠳᠦᠢ ᠪᠣᠯ ᠡᠷᠬᠡ ᠪᠠᠨ ᠬᠠᠶᠠᠬᠤ ᠪᠠᠷ ᠦᠵᠡᠵᠦ᠂ ᠨᠢᠭᠤᠷᠳᠠᠨ ᠰᠢᠯᠭᠠᠬᠤ ᠬᠢᠷᠢ ᠭᠡᠮ ᠢ ᠨᠢ ᠬᠠᠰᠤᠨ᠎ᠠ᠃     2. ᠨᠢᠭᠤᠷᠳᠠᠨ ᠰᠢᠯᠭᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᡂᠢ ᠴᠧᠩ ᠲᠣᠭᠤᠷᠢᠭ ᠤᠨ ᠡᠮᠦᠨ᠎ᠡ ︵ᠬᠥᠯᠥᠨ ᠪᠤᠶᠢᠷ ᠤᠨ ᠬᠤᠶᠢᠲᠤ ᠵᠠᠮ ᠤᠨ ᠪᠠᠷᠠᠭᠤᠨᠲᠠᠢ︶ ᠪᠧᠢ ᠶᠤᠸᠠᠨ ᠪᠠᠭ᠎ᠠ ᠰᠤᠷᠭᠠᠭᠤᠯᠢ ︵ᠰᠢᠨ ᠶᠠ ᠰᠤᠷᠭᠠᠭᠤᠯᠢ ᠶᠢᠨ ᠲᠣᠭᠤᠷᠢᠭ︶᠃     ᠭᠤᠷᠪᠠ᠂ ᠨᠢᠭᠤᠷᠳᠠᠨ ᠰᠢᠯᠭᠠᠬᠤ ᠦᠨᠡᠮᠯᠡᠯ     ᠨᠢᠭᠤᠷᠳᠠᠨ ᠰᠢᠯᠭᠠᠬᠤ ᠳᠤ ᠣᠷᠣᠯᠴᠠᠭᠰᠠᠳ ᠬᠦᠴᠦᠨ ᠪᠦᠬᠦᠢ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ᠂ ᠲᠦᠷ ᠴᠠᠭ ᠤᠨ ᠪᠡᠶ᠎ᠡ ᠶᠢᠨ ᠦᠨᠡᠮᠯᠡᠯ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠫᠠᠰᠫᠣᠷᠲ︶᠂ ᠨᠢᠭᠤᠷᠳᠠᠨ ᠰᠢᠯᠭᠠᠬᠤ ᠦᠨᠡᠮᠯᠡᠯ ᠢᠶᠠᠷ ᠢᠶᠠᠨ ᠲᠣᠭᠲᠠᠭᠰᠠᠨ ᠴᠠᠭ ᠲᠤ ᠲᠣᠭᠲᠠᠭᠰᠠᠨ ᠭᠠᠵᠠᠷ ᠲᠤ ᠬᠦᠷᠴᠦ ᠨᠢᠭᠤᠷᠳᠠᠨ ᠰᠢᠯᠭᠠᠬᠤ ᠳᠤ ᠣᠷᠣᠯᠴᠠᠨ᠎ᠠ᠃     ᠳᠥᠷᠪᠡ᠂ ᠰᠢᠯᠭᠠᠭᠤᠯᠬᠤ ᠪᠠᠷ ᠵᠥᠪᠰᠢᠶᠡᠷᠡᠭᠰᠡᠨ ᠦᠨᠡᠮᠯᠡᠯ ᠢ ᠳᠠᠷᠤᠮᠠᠯᠯᠠᠨ᠎ᠠ     ᠨᠡᠷ᠎ᠡ ᠮᠡᠳᠡᠭᠦᠯᠦᠭᠡᠳ ᠥᠩᠭᠡᠷᠡᠭᠰᠡᠨ ᠬᠥᠮᠦᠰ ᠡᠷᠬᠡᠪᠰᠢ 2024 ᠣᠨ ᠤ 11 ᠰᠠᠷ᠎ᠠ ᠶᠢᠨ 19 ᠤ ᠡᠳᠦᠷ ᠤᠨ 8᠄ 00 - 11 ᠰᠠᠷ᠎ᠠ ᠶᠢᠨ 24 ᠤ ᠡᠳᠦᠷ ᠤᠨ 8᠄ 00 - ᠥᠪᠥᠷ ᠮᠣᠩᠭᠤᠯ ᠤᠨ ᠣᠶᠤᠨᠴᠢ ᠰᠢᠯᠭᠠᠯᠲᠠ ᠶᠢᠨ ᠶᠠᠪᠤᠳᠠᠯ ᠤᠨ ᠲᠥᠪ ︵http᠄ //www.nmgkwzx.com/︶ ᠲᠤ ᠣᠷᠣᠵᠤ ᠬᠤᠪᠢ ᠬᠥᠮᠦᠨ ᠤ ᠳᠠᠩᠰᠠᠨ ᠤ ᠨᠣᠮᠧᠷ ᠲᠤ ᠭᠠᠷᠴᠤ᠂ ᠬᠤᠪᠢ ᠬᠥᠮᠦᠨ ᠤ ᠲᠥᠪ - ᠰᠢᠯᠭᠠᠭᠤᠯᠬᠤ ᠵᠥᠪᠰᠢᠶᠡᠷᠡᠭᠰᠡᠨ ᠦᠨᠡᠮᠯᠡᠯ ᠢ ᠬᠠᠶᠢᠨ ᠯᠠᠪᠯᠠᠬᠤ - ᠨᠢᠭᠤᠷᠳᠠᠨ ᠰᠢᠯᠭᠠᠬᠤ ᠶᠢᠨ ᠵᠥᠪᠰᠢᠶᠡᠷᠡᠯ ᠤᠨ ᠦᠨᠡᠮᠯᠡᠯ ᠢ ᠰᠦᠯᠵᠢᠶᠡᠨ ᠳᠡᠭᠡᠷ᠎ᠡ ᠠᠪᠬᠤ ᠬᠡᠷᠡᠭᠲᠡᠢ᠃ ᠬᠡᠷᠪᠡ ᠲᠣᠭᠲᠠᠭᠰᠠᠨ ᠴᠠᠭ ᠪᠣᠯᠤᠨ ᠠᠷᠭ᠎ᠠ ᠮᠠᠶ᠋ᠢᠭ ᠢᠶᠠᠷ ᠰᠢᠯᠭᠠᠯᠲᠠ ᠶᠢ ᠵᠥᠪᠰᠢᠶᠡᠷᠡᠭᠰᠡᠨ ᠦᠭᠡᠢ ᠬᠥᠮᠦᠨ ᠪᠣᠯ ᠨᠢᠭᠤᠷᠳᠠᠨ ᠰᠢᠯᠭᠠᠯᠲᠠ ᠳᠤ ᠣᠷᠣᠯᠴᠠᠬᠤ ᠶᠢᠨ ᠠᠷᠭ᠎ᠠ ᠦᠭᠡᠢ ᠪᠣᠯᠤᠨ᠎ᠠ᠃ ᠨᠢᠭᠤᠷᠳᠠᠬᠤ ᠰᠢᠯᠭᠠᠯᠲᠠ ᠨᠢ ᠨᠢᠭᠤᠷᠳᠠᠨ ᠰᠢᠯᠭᠠᠯᠲᠠ ᠳᠠᠭᠤᠰᠤᠭᠰᠠᠨ ᠤ ᠳᠠᠷᠠᠭ᠎ᠠ ᠪᠠᠰᠠ ᠬᠢᠷᠢ ᠭᠡᠮ ᠢᠶᠠᠨ ᠳᠠᠬᠢᠨ ᠬᠢᠨᠠᠬᠤ ᠳᠤ ᠬᠡᠷᠡᠭᠯᠡᠨ᠎ᠡ᠂ ᠲᠣᠬᠢᠲᠠᠢ ᠰᠠᠶᠢᠨ ᠬᠠᠳᠠᠭᠠᠯᠠᠭᠠᠷᠠᠢ᠃     ᠲᠠᠪᠤ᠂ ᠪᠤᠰᠤᠳ ᠵᠦᠢᠯ     1᠂ ᠨᠢᠭᠤᠷᠳᠠᠬᠤ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠨᠢᠭᠤᠷᠳᠠᠨ ᠰᠢᠯᠭᠠᠬᠤ ᠭᠠᠵᠠᠷ ᠲᠤ ᠬᠦᠷ᠃ ᠰᠢᠯᠭᠠᠭᠤᠯᠤᠭᠴᠢ ᠶᠢᠨ ᠲᠡᠷᠭᠡ ᠬᠥᠰᠬᠡ᠂ ᠰᠢᠯᠭᠠᠯᠲᠠ ᠳᠤ ᠬᠠᠮᠢᠶ᠎ᠠ ᠦᠭᠡᠢ ᠬᠥᠮᠦᠰ ᠵᠢᠴᠢ ᠡᠯ᠎ᠡ ᠲᠥᠷᠥᠯ ᠤᠨ ᠨᠡᠶᠢᠭᠡᠮ ᠤᠨ ᠲᠡᠷᠭᠡ ᠬᠥᠰᠬᠡ ᠶᠢᠨ ᠨᠢᠭᠤᠷᠳᠠᠨ ᠰᠢᠯᠭᠠᠬᠤ ᠴᠡᠭ ᠲᠤ ᠣᠷᠣᠬᠤ ᠶᠢ ᠴᠠᠭᠠᠵᠠᠯᠠᠨ᠎ᠠ᠃     2. ᠨᠢᠭᠤᠷᠳᠠᠨ ᠰᠢᠯᠭᠠᠬᠤ ᠰᠢᠯᠭᠠᠭᠤᠯᠤᠭᠴᠢ ᠰᠢᠯᠭᠠᠭᠤᠯᠬᠤ ᠪᠠᠷ ᠬᠦᠯᠢᠶᠡᠬᠦ ᠶᠠᠪᠤᠴᠠ ᠳᠤ ᠰᠢᠯᠭᠠᠯᠲᠠ ᠶᠢ ᠬᠦᠯᠢᠶᠡᠬᠦ ᠲᠠᠰᠤᠭ ᠢᠶᠠᠷ ᠳᠤᠷ᠎ᠠ ᠪᠠᠷ ᠢᠶᠠᠨ ᠣᠷᠣᠵᠤ ᠭᠠᠷᠴᠤ ᠪᠣᠯᠬᠤ ᠦᠭᠡᠢ᠂ ᠡᠯ᠎ᠡ ᠵᠦᠢᠯ ᠤᠨ ᠴᠢᠮᠡᠭᠡ ᠬᠤᠯᠪᠣᠭᠠᠨ ᠤ ᠪᠠᠭᠠᠵᠢ ︵ᠤᠶᠤᠨᠲᠤ ᠭᠠᠷ ᠴᠠᠭ ᠵᠢᠴᠢ ᠡᠯ᠎ᠡ ᠲᠥᠷᠥᠯ ᠤᠨ ᠴᠢᠮᠡᠭᠡ ᠬᠤᠯᠪᠣᠭᠠᠨ ᠤ ᠴᠢᠳᠠᠮᠵᠢ ᠲᠠᠢ ᠡᠯᠧᠺᠲᠷᠣᠨ ᠦᠢᠯᠡᠳᠬᠦᠨ ᠢ ᠪᠠᠭᠲᠠᠭᠠᠵᠤ ᠪᠣᠯᠬᠤ ᠦᠭᠡᠢ︶ ᠢ ᠬᠡᠷᠡᠭᠯᠡᠵᠦ ᠪᠣᠯᠬᠤ ᠦᠭᠡᠢ᠂ ᠠᠪᠴᠤ ᠶᠠᠪᠤᠭ᠎ᠠ ᠴᠢᠮᠡᠭᠡ ᠬᠤᠯᠪᠣᠭᠠᠨ ᠤ ᠪᠠᠭᠠᠵᠢ ᠶᠢ ᠡᠷᠬᠡᠪᠰᠢ ᠠᠵᠢᠯᠲᠠᠳ ᠲᠤ ᠲᠤᠰᠢᠶᠠᠨ ᠬᠠᠳᠠᠭᠠᠯᠠᠭᠤᠯᠬᠤ ᠬᠡᠷᠡᠭᠲᠡᠢ᠃ ᠶᠠᠮᠠᠷᠪᠠ ᠠᠷᠭ᠎ᠠ ᠮᠠᠶ᠋ᠢᠭ ᠢᠶᠠᠷ ᠰᠢᠯᠭᠠᠭᠴᠢ ᠪᠤᠶᠤ ᠰᠢᠯᠭᠠᠯᠲᠠ ᠶᠢᠨ ᠲᠠᠯᠠᠪᠤᠷ ᠤᠨ ᠠᠵᠢᠯᠲᠠᠨ ᠳᠤ ᠥᠪᠡᠷ ᠤᠨ ᠣᠪᠣᠭ ᠨᠡᠷ᠎ᠡ᠂ ᠰᠢᠯᠭᠠᠯᠲᠠ ᠶᠢᠨ ᠳ᠋ᠤᠭᠠᠷ ᠵᠡᠷᠭᠡ ᠮᠡᠳᠡᠭᠡ ᠵᠠᠩᠭᠢ ᠪᠠᠨ ᠵᠠᠳᠠᠷᠠᠭᠤᠯᠵᠤ ᠪᠣᠯᠬᠤ ᠦᠭᠡᠢ᠂ ᠵᠥᠷᠢᠴᠡᠭᠰᠡᠳ ᠤᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠶᠢ ᠲᠡᠭ ᠬᠤᠪᠢ ᠪᠠᠷ ᠰᠢᠢᠳᠪᠦᠷᠢᠯᠡᠵᠦ ᠪᠣᠯᠬᠤ ᠦᠭᠡᠢ᠃     3. ᠨᠢᠭᠤᠷᠳᠠᠨ ᠰᠢᠯᠭᠠᠬᠤ ᠦᠶ᠎ᠡ ᠳᠤ ᠠᠵᠢᠯ ᠲᠥᠷᠥᠯ ᠪᠤᠶᠤ ᠣᠨᠴᠠᠭᠠᠢ ᠠᠵᠢᠯ ᠮᠡᠷᠭᠡᠵᠢᠯ ᠤᠨ ᠬᠤᠪᠴᠠᠰᠤ ᠡᠮᠦᠰᠴᠦ ᠪᠣᠯᠬᠤ ᠦᠭᠡᠢ᠂ ᠣᠨᠴᠠᠭᠠᠢ ᠲᠡᠮᠳᠡᠭ ᠵᠡᠭᠦᠵᠦ ᠪᠣᠯᠬᠤ ᠦᠭᠡᠢ᠂ ᠵᠥᠷᠢᠴᠡᠭᠰᠡᠳ ᠤᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠶᠢ ᠨᠢᠭᠡ ᠬᠤᠪᠢ ᠪᠠᠷ ᠰᠢᠢᠳᠪᠦᠷᠢᠯᠡᠨ᠎ᠡ᠃     4. ᠨᠢᠭᠤᠷᠳᠠᠨ ᠰᠢᠯᠭᠠᠬᠤ ᠬᠥᠮᠦᠰ ᠰᠢᠯᠭᠠᠯᠲᠠ ᠬᠦᠯᠢᠶᠡᠬᠦ ᠲᠠᠰᠤᠭ ᠤᠨ ᠡᠮᠦᠨ᠎ᠡ ᠪᠠ ᠨᠢᠭᠤᠷᠲᠠᠨ ᠰᠢᠯᠭᠠᠭᠰᠠᠨ ᠤ ᠳᠠᠷᠠᠭ᠎ᠠ᠂ 1  ᠮᠧᠲᠷ ᠤᠨ ᠵᠠᠢ ᠶᠢ ᠪᠠᠲᠤᠯᠠᠵᠤ᠂ ᠨᠢᠭᠤᠷᠳᠠᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠳᠡᠰ ᠳᠠᠷᠠᠭᠠᠯᠠᠨ ᠰᠢᠯᠭᠠᠯᠲᠠ ᠬᠦᠯᠢᠶᠡᠬᠦ ᠲᠠᠰᠤᠭ ᠠᠴᠠ ᠰᠠᠯᠵᠤ᠂ ᠣᠪᠣᠭᠠᠷᠠᠨ ᠴᠤᠭᠯᠠᠷᠠᠵᠤ ᠪᠣᠯᠬᠤ ᠦᠭᠡᠢ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号