ᠬᠥᠳᠡᠭᠡ ᠲᠣᠰᠬᠤᠨ ᠤ ᠬᠡᠷᠡᠭᠯᠡᠭᠡ ᠨᠢ ᠨᠢᠭᠡ ᠲᠠᠯ᠎ᠠ ᠪᠠᠷ ᠥᠷᠭᠡᠨ ᠠᠭᠤᠳᠠᠮ ᠵᠠᠬ᠎ᠠ ᠳᠡᠯᠭᠡᠭᠦᠷ ᠢ ᠬᠤᠯᠪᠣᠵᠤ᠂ | ᠨᠥᠭᠦᠭᠡ ᠲᠠᠯ᠎ᠠ ᠪᠠᠷ ᠬᠥᠳᠡᠭᠡ ᠲᠣᠰᠬᠤᠨ ᠤ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠶᠤᠮ᠃ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠵᠤ᠂ | ᠬᠥᠳᠡᠭᠡ ᠲᠣᠰᠬᠤᠨ ᠤ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠬᠤ ᠶᠢᠨ ᠲᠥᠯᠥᠭᠡ᠂ ᠰᠢᠩ ᠱᠦᠨ ᠰᠢ | ᠪᠠᠯᠭᠠᠰᠤᠨ ᠤ ᠱᠢ ᠵᠢᠶᠠ ᠶᠢᠩ ᠽᠢ ᠲᠣᠰᠬᠤᠨ ᠤ ᠨᠠᠮ ᠤᠨ ᠬᠤᠷᠢᠶ᠎ᠡ ︽ᠲᠠᠶᠢᠯᠬᠤ ᠰᠡᠳᠬᠢᠬᠦᠢ ᠲᠠᠢ︾ ᠪᠠᠶᠢᠬᠤ | ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠣᠭᠤᠷᠢᠨ ᠳᠤ᠂ ᠦᠢᠯᠡᠳᠪᠦᠷᠢᠯᠡᠯ᠂ ᠡᠳ᠋ᠰᠢᠭᠦᠯᠬᠦ᠂ | ᠪᠣᠷᠣᠯᠠᠭᠤᠯᠬᠤ᠂ ᠪᠠᠷᠠᠭᠠᠨ ᠤ ᠭᠦᠢᠯᠭᠡᠭᠡ ᠪᠠᠷ ᠨᠢᠭᠡ ᠴᠣᠭᠴᠠ ᠪᠣᠯᠭᠠᠭᠰᠠᠨ ᠣᠷᠴᠢᠯ ᠠᠵᠤ ᠠᠬᠤᠢ ᠶᠢᠨ | ᠬᠥᠭᠵᠢᠯᠲᠡ ᠶᠢᠨ ᠵᠠᠭᠪᠤᠷ ᠢ ᠠᠯᠬᠤᠮ ᠠᠯᠬᠤᠮ ᠢᠶᠠᠷ ᠪᠣᠢ ᠪᠣᠯᠭᠠᠵᠤ᠂ ᠬᠠᠮᠲᠤ ᠶᠢᠨ ᠠᠵᠤ ᠠᠬᠤᠢ ᠪᠣᠯᠤᠨ ᠠᠵᠤ | ᠦᠢᠯᠡᠰ ᠤᠨ ᠬᠥᠭᠵᠢᠯᠲᠡ ᠶᠢᠨ ᠵᠡᠷᠭᠡᠪᠡᠷ ᠬᠥᠭᠵᠢᠬᠦ ᠶᠢ ᠦᠨᠡᠨᠬᠦ ᠪᠡᠶᠡᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠤᠰ ᠭᠠᠵᠠᠷ ᠣᠷᠣᠨ ᠤ ᠪᠠᠨ ︽ | ᠬᠥᠳᠡᠯᠭᠡᠭᠦᠷ︾ ᠢ ᠴᠣᠭᠴᠠᠯᠠᠨ᠎ᠠ᠃ ᠲᠣᠰᠬᠤᠨ ᠤ ᠨᠠᠮ ᠤᠨ ᠬᠤᠷᠢᠶᠠᠨ ᠤ ᠱᠦᠵᠢ 3 ᠨᠡᠷᠡᠰ ᠲᠣᠰᠬᠤᠨ ᠤ ᠺᠠᠳ᠋ᠷ ᠢ | ᠳᠠᠭᠠᠭᠤᠯᠤᠨ 10 ᠲᠦᠮᠡᠨ ᠲᠥᠭᠦᠷᠢᠭ ᠤᠨ ᠲᠠᠷᠢᠶᠠᠯᠠᠩ ᠢ ᠲᠤᠰᠠᠯᠠᠬᠤ ᠵᠢᠭᠡᠯᠡᠯᠭᠡ ᠭᠤᠶᠤᠴᠢᠯᠠᠵᠤ᠂ ︽ᠭᠤᠷᠪᠠᠨ | ᠪᠡᠯᠡ︾ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠫᠧᠩ ᠬᠠᠢ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ ᠶᠢ ᠪᠠᠶᠢᠭᠤᠯᠵᠤ᠂ ᠤᠤᠯ ᠤᠨ 100 ᠮᠥ ᠲᠣᠰᠬᠤᠨ ᠤ ᠬᠠᠮᠲᠤ ᠶᠢᠨ ᠠᠵᠤ ᠠᠬᠤᠢ ᠶᠢᠨ ᠭᠠᠵᠠᠷ ᠰᠢᠷᠣᠢ ᠶᠢ | ᠰᠠᠭᠠᠭ᠂ ᠶᠤᠤᠮᠠᠢ ᠲᠠᠷᠢᠬᠤ ᠶᠢᠨ ᠬᠠᠮᠲᠤ ᠶᠤᠤᠮᠠᠢ ᠶᠢᠨ ᠭᠤᠯᠢᠷ᠂ ᠰᠠᠭᠠᠭ ᠤᠨ ᠭᠤᠯᠢᠷ ᠢ ᠪᠣᠯᠪᠠᠰᠤᠷᠠᠭᠤᠯᠤᠨ | ᠵᠢᠵᠢᠭᠯᠡᠨ ᠬᠤᠳᠠᠯᠳᠤᠵᠤ᠂ ᠤᠤᠯ ᠤᠨ ᠳᠣᠣᠷ᠎ᠠ ᠦᠨ᠎ᠡ ᠪᠠᠷ ᠲᠦᠷᠢᠶᠡᠰᠦᠯᠡᠭᠦᠯᠦᠭᠰᠡᠨ ᠲᠡᠵᠢᠭᠡᠨ ᠦᠷᠡᠵᠢᠭᠦᠯᠬᠦ | ᠲᠠᠯᠠᠪᠠᠢ ᠶᠢ ᠬᠤᠷᠢᠶᠠᠨ ᠠᠪᠴᠤ ᠪᠡᠶ᠎ᠡ ᠪᠠᠨ ᠳᠠᠭᠠᠭᠠᠵᠤ ᠡᠵᠡᠩᠨᠡᠵᠦ᠂ 50 ᠠᠯᠠᠰᠢᠨ ᠬᠤᠨᠢ ᠶᠢ ᠲᠡᠵᠢᠭᠡᠨ | ᠦᠷᠡᠵᠢᠭᠦᠯᠵᠦ᠂ ᠵᠢᠯ ᠤᠨ ᠲᠤᠷᠰᠢ ᠬᠠᠩᠭᠠᠬᠤ ᠶᠢ ᠪᠠᠲᠤᠯᠠᠬᠤ ᠶᠢᠨ ᠲᠥᠯᠥᠭᠡ᠂ 50 ᠲᠡᠭᠰᠢ ᠳᠥᠷᠪᠡᠯᠵᠢᠨ | ᠮᠧᠲᠷ ᠤᠨ ᠬᠦᠢᠲᠡᠨ ᠬᠤᠭᠤᠯᠠᠨ ᠤ ᠲᠠᠰᠤᠭ ᠢ ᠰᠢᠨ᠎ᠡ ᠪᠠᠷ ᠪᠠᠶᠢᠭᠤᠯᠬᠤ ᠶᠢᠨ ᠬᠠᠮᠲᠤ᠂ ᠤᠷᠢᠳᠴᠢᠯᠠᠨ | ᠪᠣᠭᠤᠳᠠᠯᠯᠠᠬᠤ ᠵᠢᠴᠢ ᠪᠣᠷᠣᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠰᠦᠪᠡᠭᠴᠢᠯᠡᠵᠦ᠂ | ᠲᠣᠰᠬᠤᠨ ᠤ ᠬᠠᠮᠲᠤ ᠶᠢᠨ ᠠᠵᠤ ᠦᠢᠯᠡᠰ ᠤᠨ ᠬᠡᠯᠬᠢᠶᠡᠰᠦ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠨᠥᠬᠦᠪᠥᠷᠢᠯᠡᠪᠡ᠃ | ᠨᠢᠭᠡᠳᠦᠭᠡᠷ ᠵᠢᠯ ᠳᠤ ᠬᠤᠷᠰᠢᠶ᠎ᠠ ᠶᠢᠨ ᠣᠷᠣᠯᠭ᠎ᠠ 10 ᠲᠦᠮᠡᠨ ᠲᠥᠭᠦᠷᠢᠭ ᠲᠤ ᠬᠦᠷᠴᠦ᠂ ᠪᠦᠬᠦ ᠲᠣᠰᠬᠤᠨ ᠤ | ᠬᠤᠶᠢᠰᠢᠳᠠ ᠶᠢᠨ ᠠᠵᠤ ᠦᠢᠯᠡᠰ ᠤᠨ ᠦᠷᠭᠦᠯᠵᠢᠯᠡᠨ ᠬᠥᠭᠵᠢᠬᠦ ᠳᠤ ᠪᠠᠲᠤ ᠪᠠᠬᠢ ᠪᠡᠯᠡ ᠮᠥᠩᠭᠦ ᠶᠢᠨ ᠰᠠᠭᠤᠷᠢ ᠶᠢ | ᠲᠠᠯᠪᠢᠵᠤ ᠥᠭᠪᠡ᠃ | ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠳᠠᠭᠠᠭᠤᠯᠭ᠎ᠠ ᠳᠣᠣᠷ᠎ᠠ᠂ ᠱᠢ ᠵᠢᠶᠠ ᠶᠢᠩᠽᠢ | ᠲᠣᠰᠬᠤᠨ ᠤ ᠨᠠᠮ ᠤᠨ ᠡᠭᠦᠷ ᠲᠤᠬᠠᠶᠢᠯᠠᠭᠰᠠᠨ ᠠᠵᠢᠯ ᠢᠶᠠᠨ ᠲᠠᠰᠤᠷᠠᠯᠲᠠ ᠥᠬᠡᠶ ᠥᠷᠭᠡᠳᠬᠡᠵᠦ᠂ 2023 ᠣᠨ ᠤ | 2 ᠰᠠᠷ᠎ᠠ ᠳᠤ ᠪᠤᠭᠤᠲᠤ ᠬᠤᠲᠠ ᠶᠢᠨ ᠠᠩᠬᠠᠳᠠᠭᠴᠢ ᠲᠣᠰᠬᠤᠨ ᠤ ᠨᠠᠮ ᠤᠨ ᠡᠭᠦᠷ ᠳᠠᠭᠠᠭᠤᠯᠤᠨ ᠡᠷᠬᠢᠯᠡᠵᠦ᠂ | ᠲᠠᠷᠢᠶᠠᠴᠢᠳ ᠬᠤᠪᠢ ᠣᠷᠣᠭᠤᠯᠤᠭᠰᠠᠨ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠺᠣᠮᠫᠠᠨᠢ ᠶᠢ ᠪᠠᠶᠢᠭᠤᠯᠵᠤ | ᠂ 12 ᠡᠷᠦᠬᠡ ᠲᠣᠰᠬᠤᠨ ᠤ ᠠᠷᠠᠳ ᠢ ᠳᠠᠭᠠᠭᠤᠯᠤᠨ ᠪᠡᠯᠡ ᠮᠥᠩᠭᠦ ᠪᠠ ᠬᠥᠮᠦᠨ ᠤ ᠬᠦᠴᠦᠨ ᠵᠡᠷᠭᠡ ᠠᠷᠭ᠎ᠠ | ᠮᠠᠶ᠋ᠢᠭ ᠢᠶᠠᠷ ᠬᠤᠪᠢ ᠣᠷᠣᠭᠤᠯᠤᠭᠰᠠᠨ ᠪᠠᠶᠢᠨ᠎ᠠ᠃ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢᠨ ᠲᠠᠰᠤᠷᠠᠯᠲᠠ ᠦᠭᠡᠢ | ᠥᠷᠭᠡᠳᠬᠦ ᠶᠢ ᠳᠠᠭᠠᠯᠳᠤᠨ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠥᠷᠲᠡᠭᠡ ᠨᠢ ᠰᠢ ᠳ᠋ᠧᠦ ᠫᠦ᠋ ᠪᠠᠯᠭᠠᠰᠤ | ᠪᠠ ᠬᠤᠩ ᠨᠢ ᠵᠢᠩ ᠲᠣᠰᠬᠤᠨ ᠳᠤ ᠲᠤᠰ ᠲᠤᠰ ᠳᠠᠮᠵᠢᠭᠤᠯᠬᠤ ᠥᠷᠲᠡᠭᠡ ᠪᠠᠶᠢᠭᠤᠯᠵᠤ᠂ ᠣᠯᠠᠨ ᠲᠦᠮᠡᠨ ᠢ | ᠨᠥᠯᠥᠭᠡᠯᠡᠭᠰᠡᠨ ᠪᠠᠶᠢᠨ᠎ᠠ᠃ 2023 ᠣᠨ ᠤ 11 ᠰᠠᠷ᠎ᠠ ᠳᠤ᠂ ᠫᠧᠩ ᠬᠠᠢ ᠲᠦᠷᠭᠡᠨ ᠬᠦᠷᠭᠡᠯᠲᠡ ᠶᠢᠨ ᠲᠦᠷᠭᠡᠨ | ᠬᠦᠷᠭᠡᠯᠲᠡ ᠶᠢᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠤᠰᠬᠠᠢ ᠱᠤᠭᠤᠮ ᠢ ᠨᠡᠮᠡᠨ ᠪᠠᠶᠢᠭᠤᠯᠵᠤ᠂ ᠵᠢᠩ | ᠳ᠋ᠦᠩ ᠠᠭᠠᠷ ᠤᠨ ᠲᠡᠭᠡᠭᠡᠪᠦᠷᠢ᠂ ᠱᠦᠨ ᠹᠧᠩ ᠬᠦᠢᠲᠡᠨ ᠲᠡᠭᠡᠭᠡᠪᠦᠷᠢ᠂ ᠵᠦᠩ ᠲᠦᠩ ᠬᠦᠢᠳᠡᠨ ᠬᠡᠯᠬᠢᠶ᠎ᠡ ᠵᠡᠷᠭᠡ 4 | ᠲᠦᠷᠭᠡᠨ ᠬᠦᠷᠭᠡᠯᠲᠡ ᠶᠢᠨ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠵᠤ᠂ ᠬᠥᠳᠡᠭᠡ ᠲᠣᠰᠬᠤᠨ ᠤ | ᠦᠬᠡᠷ ᠬᠤᠨᠢᠨ ᠮᠢᠬ᠎ᠠ᠂ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠨᠤᠲᠤᠭ ᠤᠨ ᠣᠨᠴᠠ | ᠭᠠᠷᠤᠯᠲᠠ ᠵᠡᠷᠭᠡ ᠶᠢ ᠣᠷᠣᠯᠠᠨ ᠲᠠᠷᠬᠠᠭᠠᠵᠤ᠂ ᠪᠦᠬᠦ ᠶᠠᠪᠤᠴᠠ ᠳᠤ ᠬᠥᠯᠳᠡᠭᠡᠵᠦ ᠲᠡᠭᠡᠭᠡᠪᠦᠷᠢᠯᠡᠬᠦ ᠶᠢ ᠪᠡᠶᠡᠯᠡᠭᠦᠯᠵᠦ᠂ | ᠵᠢᠯ ᠳᠤ 15 ᠲᠦᠮᠡ ᠠᠴᠠ ᠳᠡᠭᠡᠭᠰᠢ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢ ᠡᠵᠡᠩᠨᠡᠵᠦ᠂ | ᠡᠳᠦᠷ ᠲᠤ 500 ᠬᠤᠪᠢ ᠲᠦᠷᠭᠡᠨ ᠬᠦᠷᠭᠡᠯᠲᠡ ᠶᠢᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠵᠢᠯ ᠤᠨ | ᠡᠵᠡᠩᠨᠡᠯᠲᠡ ᠶᠢᠨ ᠣᠷᠣᠯᠭ᠎ᠠ ᠶᠢ 20 ᠲᠦᠮᠡᠨ ᠲᠥᠭᠦᠷᠢᠭ ᠨᠡᠮᠡᠭᠳᠡᠭᠦᠯᠵᠦ᠂ ᠡᠷᠦᠬᠡ ᠪᠦᠷᠢ ᠶᠢᠨ ᠳᠤᠮᠳᠠᠴᠢ | ᠣᠷᠣᠯᠭ᠎ᠠ ᠶᠢ 0.6 ᠲᠦᠮᠡᠨ ᠲᠥᠭᠦᠷᠢᠭ ᠨᠡᠮᠡᠭᠳᠡᠭᠦᠯᠪᠡ᠃ | ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢ ᠠᠮᠢᠳᠤᠯᠢᠭ ᠬᠡᠷᠡᠭᠯᠡᠵᠦ ᠪᠦᠬᠦ ᠬᠡᠯᠬᠢᠶ᠎ᠡ ᠶᠢᠨ ᠠᠵᠤ ᠦᠢᠯᠡᠰ ᠢ | ᠪᠦᠲᠦᠭᠡᠨ ᠪᠠᠶᠢᠭᠤᠯᠤᠶ᠎ᠠ᠃ ᠫᠧᠩ ᠬᠠᠢ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ | ᠬᠤᠷᠰᠢᠶ᠎ᠡ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠠᠵᠤ ᠦᠢᠯᠡᠰ ᠤᠨ ᠬᠡᠯᠪᠡᠷᠢ ᠶᠢ ᠥᠷᠭᠡᠳᠬᠡᠵᠦ᠂ | ᠦᠢᠯᠡᠳᠪᠦᠷᠢᠯᠡᠯ ᠤᠨ ᠦᠵᠦᠭᠦᠷ ᠪᠣᠯᠤᠨ ᠲᠡᠭᠡᠭᠡᠪᠦᠷᠢ ᠶᠢᠨ ᠦᠵᠦᠭᠦᠷ ᠤᠨ ᠦᠷᠭᠦᠯᠵᠢᠯᠡᠨ ᠲᠣᠭᠲᠠᠭᠤᠨ ᠢᠶᠠᠷ | ᠬᠥᠭᠵᠢᠬᠦ ᠶᠢ ᠪᠠᠲᠤᠯᠠᠬᠤ ᠶᠢᠨ ᠲᠥᠯᠥᠭᠡ᠂ ᠱᠢ ᠵᠢᠶᠠ ᠶᠢᠩᠽᠢ ᠲᠣᠰᠬᠤᠨ ᠤ ᠨᠠᠮ ᠤᠨ ᠡᠭᠦᠷ ᠠᠴᠠ ᠬᠤᠷᠰᠢᠶ᠎ᠠ ᠶᠢᠨ | ᠠᠰᠢᠭ ᠣᠷᠣᠯᠭ᠎ᠠ ᠶᠢᠨ ᠳᠣᠲᠣᠷᠠᠬᠢ ᠨᠢᠭᠡ ᠪᠦᠯᠦᠭ ᠠᠰᠢᠭ ᠣᠷᠣᠯᠭ᠎ᠠ ᠶᠢ ᠲᠠᠯᠠᠪᠠᠢ ᠶᠢ ᠥᠷᠭᠡᠳᠬᠡᠵᠦ᠂ | ᠬᠡᠪᠴᠢᠶ᠎ᠡ ᠶᠢ ᠥᠷᠭᠡᠳᠬᠡᠵᠦ᠂ ᠰᠢᠨ᠎ᠡ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠪᠠ᠃ ᠲᠥᠯᠥᠪᠯᠡᠬᠦ ᠪᠠᠷ ᠳᠠᠮᠵᠢᠨ᠂ | 2024 ᠣᠨ ᠤ 6 ᠰᠠᠷ᠎ᠠ ᠳᠤ᠂ ︽ᠲᠣᠰᠬᠤᠨ ᠤ ᠨᠠᠮ ᠤᠨ ᠡᠭᠦᠷ ᠤᠨ ᠭᠤᠣᠯᠯᠠᠬᠤ ᠲᠣᠰᠬᠤᠨ ᠤ ᠬᠠᠮᠲᠤ ᠶᠢᠨ | ᠠᠵᠤ ᠠᠬᠤᠢ ᠶᠢᠨ ᠣᠷᠣᠭᠤᠯᠤᠯᠲᠠ ᠶᠢᠨ ᠪᠡᠯᠡ ᠣᠷᠣᠭᠤᠯᠤᠯᠲᠠ︾ ᠰᠢᠩ ᠱᠦᠨ ᠰᠢ ᠪᠠᠯᠭᠠᠰᠤᠨ ᠤ ᠫᠧᠩ ᠬᠠᠢ | ᠶᠤᠸᠠᠨ ᠬᠥᠮᠥᠷᠭᠡᠯᠡᠨ ᠬᠠᠳᠠᠭᠠᠯᠠᠵᠤ ᠲᠠᠷᠢᠶᠠᠯᠠᠩ ᠤᠨ ᠪᠦᠲᠦᠭᠡᠭᠳᠡᠬᠦᠨ ᠬᠤᠳᠠᠯᠳᠤᠨ ᠠᠪᠬᠤ ᠪᠥᠭᠡᠮ ᠢᠶᠠᠷ | ᠬᠤᠳᠠᠯᠳᠤᠬᠤ ᠬᠡᠲᠦ ᠳᠡᠯᠭᠡᠭᠦᠷ ᠢ ᠲᠤᠷᠰᠢᠨ ᠡᠵᠡᠩᠨᠡᠵᠦ᠂ ᠵᠢᠵᠢᠭᠯᠡᠨ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ᠂ | ᠪᠥᠭᠡᠮ ᠢᠶᠠᠷ ᠬᠤᠳᠠᠯᠳᠤᠬᠤ ᠶᠢ ᠨᠢᠭᠡ ᠴᠣᠭᠴᠠᠵᠢᠭᠤᠯᠤᠭᠰᠠᠨ ᠨᠢᠭᠡ ᠥᠷᠲᠡᠭᠡ ᠮᠠᠶ᠋ᠢᠭ ᠤᠨ ᠬᠤᠳᠠᠯᠳᠤᠨ ᠠᠪᠬᠤ | ᠲᠥᠪ ᠪᠣᠯᠵᠤ᠂ ᠲᠤᠰ ᠲᠥᠷᠥᠯ ᠵᠦᠢᠯ ᠤᠨ ᠵᠢᠱᠢᠯᠲᠡ ᠪᠠᠷ ᠵᠢᠯ ᠪᠦᠷᠢ ᠶᠢᠨ ᠣᠷᠣᠯᠭ᠎ᠠ ᠨᠢ 10 ᠲᠦᠮᠡᠨ | ᠲᠥᠭᠦᠷᠢᠭ ᠠᠴᠠ ᠳᠣᠣᠷ᠎ᠠ ᠦᠭᠡᠢ ᠪᠠᠶᠢᠵᠤ᠂ ᠣᠯᠤᠭᠰᠠᠨ ᠠᠰᠢᠭ ᠣᠷᠣᠯᠭ᠎ᠠ ᠶᠢ ᠲᠣᠰᠬᠤᠨ ᠤ ᠬᠠᠮᠲᠤ ᠶᠢᠨ ᠠᠵᠤ | ᠠᠬᠤᠢ ᠶᠢᠨ ᠰᠲ᠋ᠣᠺ ᠤᠨ ᠡᠷᠬᠡ ᠶᠢ ᠬᠡᠮᠵᠢᠶᠡᠵᠢᠭᠦᠯᠬᠦ ᠠᠷᠭ᠎ᠠ ᠮᠠᠶ᠋ᠢᠭ ᠢᠶᠠᠷ ᠲᠣᠰᠬᠤᠨ ᠤ ᠠᠷᠠᠳ ᠤᠨ ᠬᠤᠪᠢ | ᠣᠷᠣᠭᠤᠯᠤᠭᠴᠢ ᠳᠤ ᠬᠤᠪᠢᠶᠠᠷᠢᠯᠠᠵᠤ᠂ ᠦᠯᠡᠳᠡᠭᠰᠡᠨ ᠬᠡᠰᠡᠭ ᠢ ᠬᠡᠲᠦ ᠳᠡᠯᠭᠡᠭᠦᠷ ᠤᠨ ᠡᠵᠡᠩᠨᠡᠯᠲᠡ ᠳᠤ ᠣᠷᠣᠭᠤᠯᠬᠤ | ᠪᠣᠯᠤᠨ᠎ᠠ᠃ ᠫᠧᠩ ᠬᠠᠢ ᠶᠤᠸᠠᠨ ᠬᠥᠮᠥᠷᠭᠡᠯᠡᠨ ᠬᠠᠳᠠᠭᠠᠯᠠᠵᠤ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ | ᠬᠤᠳᠠᠯᠳᠤᠬᠤ ᠬᠡᠲᠦ ᠳᠡᠯᠭᠡᠭᠦᠷ ᠨᠢ ᠱᠢ ᠵᠢᠶᠠ ᠶᠢᠩᠽᠢ ᠲᠣᠰᠬᠤᠨ ᠤ ᠠᠵᠤ ᠦᠢᠯᠡᠰ ᠤᠨ ᠲᠥᠷᠥᠯ ᠵᠦᠢᠯ ᠨᠢ | ᠨᠢᠭᠡᠨᠲᠡ ᠦᠢᠯᠡᠳᠪᠦᠷᠢᠯᠡᠬᠦ᠂ ᠡᠳ᠋ᠰᠢᠭᠦᠯᠬᠦ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠬᠥᠭᠵᠢᠯᠲᠡ ᠶᠢᠨ ᠪᠣᠷᠣ ᠲᠥᠯᠥᠪ ᠪᠠ ᠲᠣᠭᠲᠠᠭᠤᠨ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ | ᠪᠦᠷᠢᠯᠳᠦᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ | ᠲᠣᠭᠤᠷᠢᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠪᠠ ᠣᠯᠠᠨ ᠲᠦᠮᠡᠨ ᠢ | ᠳᠠᠶᠢᠴᠢᠯᠠᠨ ᠪᠠᠶᠠᠵᠢᠭᠤᠯᠬᠤ ᠡᠨᠡ ᠬᠦ ᠰᠢᠨ᠎ᠡ ᠬᠥᠳᠡᠯᠭᠡᠬᠦ ᠬᠦᠴᠦᠨ ᠤ ᠨᠢᠭᠤᠴᠠ ᠨᠣᠮᠧᠷ ᠤᠨ ᠪᠣᠯᠤᠮᠵᠢᠲᠤ ᠴᠢᠨᠠᠷ ᠢ | ᠬᠠᠷᠠᠭᠤᠯᠵᠤ ᠪᠠᠶᠢᠨ᠎ᠠ᠃ |