ᠣᠶᠢᠷ᠎ᠠ ᠳᠤ᠂ ᠪᠤᠭᠤᠲᠤ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠠᠵᠢᠯ ᠢ ᠠᠬᠢᠭᠤᠯᠬᠤ ᠬᠤᠷᠠᠯ ᠵᠢᠴᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠰᠣᠯᠢᠯᠴᠠᠭᠠᠨ ᠤ ᠬᠤᠷᠠᠯ ᠭᠦᠶᠡᠩ ᠳᠤ ᠶᠠᠪᠤᠭᠳᠠᠪᠠ᠃ | ᠲᠤᠰ ᠤᠳᠠᠭᠠᠨ ᠤ ᠰᠣᠯᠢᠯᠴᠠᠭᠠᠨ ᠤ ᠬᠤᠷᠠᠯ ᠨᠢ ᠪᠦᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠳᠤ ᠨᠡᠩ ᠴᠢᠨᠠᠷ ᠰᠠᠶᠢᠲᠠᠢ᠂ ᠳᠥᠭᠦᠮ ᠳᠥᠲᠡ | ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ | ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠠᠮᠢᠶ᠎ᠠ ᠪᠦᠬᠦᠢ ᠨᠢᠭᠡᠴᠢ ᠶᠢᠨ | ᠤᠳᠤᠷᠢᠳᠤᠯᠭ᠎ᠠ᠂ ᠭᠦᠶᠡᠩ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠪᠠᠶᠠᠨ᠋ᠣ᠋ᠪᠤᠭ᠎ᠠ ᠲᠣᠭᠤᠷᠢᠭ᠂ | ᠲᠦᠮᠡᠳ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠭᠦᠶᠡᠩ ᠰᠢᠶᠠᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠬᠠᠮᠢᠶᠠᠷᠤᠯᠲᠠ ᠶᠢᠨ ᠲᠥᠪ᠂ ᠭᠦᠶᠡᠩ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶ᠎ᠡ ᠶᠢᠨ | ᠲᠦᠷᠦᠭᠦᠯᠡᠬᠦ ᠡᠮᠨᠡᠯᠭᠡ ᠶᠢᠨ ᠬᠤᠷᠢᠶ᠎ᠡ ︵ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠡ︶᠂ ᠭᠦᠶᠡᠩ ᠰᠢᠶᠠᠨ ᠤ | ᠶᠡᠷᠦᠩᠬᠡᠢ ᠡᠮᠨᠡᠯᠭᠡ ᠶᠢᠨ ᠬᠤᠷᠢᠶ᠎ᠡ ᠶᠢᠨ ᠰᠢᠶᠠ ᠱᠢ ᠬᠤᠤ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠡ ᠶᠢ | ᠲᠣᠭᠤᠷᠢᠨ ᠦᠵᠡᠪᠡ᠃ | ᠬᠤᠷᠠᠯ ᠳᠡᠭᠡᠷ᠎ᠡ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠯ᠎ᠡ ᠬᠤᠰᠢᠭᠤ | ᠰᠢᠶᠠᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠬᠢᠭᠡᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠠᠵᠢᠯ ᠤᠨ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠵᠢᠴᠢ ᠠᠷᠭ᠎ᠠ ᠬᠢᠳᠡᠯ ᠢ ᠬᠤᠪᠢᠶᠠᠯᠴᠠᠵᠤ | ᠂ ᠪᠤᠰᠤᠳ ᠭᠠᠵᠠᠷ ᠣᠷᠣᠨ ᠳᠤ ᠯᠠᠪᠯᠠᠯᠲᠠ ᠬᠠᠩᠭᠠᠪᠠ︔ ᠡᠭᠦᠨ ᠤ ᠬᠠᠮᠲᠤ᠂ ᠣᠯᠠᠨ ᠢᠶᠠᠷ ᠢᠶᠠᠨ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ | ᠲᠣᠭᠤᠷᠢᠨ ᠳᠤ ᠬᠠᠯᠠᠭᠤᠨ ᠢᠶᠠᠷ ᠶᠠᠷᠢᠯᠴᠠᠵᠤ᠂ ᠬᠠᠷᠢᠯᠴᠠᠨ ᠰᠤᠷᠤᠯᠴᠠᠨ ᠲᠣᠯᠢᠳᠠᠵᠤ᠂ ᠰᠠᠶᠢᠨ ᠲᠠᠢ ᠲᠠᠯ᠎ᠠ ᠶᠢ ᠨᠢ | ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠦᠷᠭᠦᠯᠵᠢᠯᠡᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠠᠵᠢᠯ ᠵᠢᠴᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠪᠠ᠃ | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠲᠣᠭᠤᠷᠢᠭ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠠᠵᠢᠯ ᠪᠠ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ | ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠵᠠᠰᠠᠭ ᠤᠨ ᠣᠷᠳᠣᠨ ᠠᠴᠠ ᠲᠦᠷᠦᠭᠦᠯᠡᠨ | ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ | ᠲᠣᠬᠢᠷᠠᠭᠤᠯᠵᠤ ᠪᠠᠶᠢᠭᠠᠳ ᠰᠢᠶᠠᠨ ᠤ ᠬᠡᠪᠴᠢᠶᠡᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠳᠤᠮᠳᠠᠬᠢ ᠲᠦᠭᠵᠢᠷᠡᠯ ᠢ ᠰᠠᠨᠠᠭᠠᠴᠢᠯᠠᠭ᠎ᠠ ᠠᠴᠠ ᠪᠠᠨ ᠨᠡᠪᠲᠡᠷᠡᠭᠦᠯᠵᠦ᠂ ᠰᠢᠶᠠᠨ ᠤ | ᠬᠡᠪᠴᠢᠶᠡᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ | ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ | ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ ᠳᠠᠭᠠᠭᠠᠴᠢᠯᠠᠨ ᠳ᠋ᠦᠩᠨᠡᠨ | ᠪᠣᠳᠣᠬᠤ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠪᠡᠶᠡᠴᠢ ᠴᠢᠳᠠᠮᠠᠭᠠᠢ ᠴᠢᠨᠠᠷ ᠢ | ᠭᠦᠢᠴᠡᠳ ᠪᠠᠳᠠᠷᠠᠭᠤᠯᠤᠨ᠂ ᠲᠤᠰ ᠭᠠᠵᠠᠷ ᠤᠨ ᠨᠡᠩ ᠣᠯᠠᠨ ᠡᠪᠡᠳᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ | ᠲᠤᠬᠠᠢ ᠶᠢᠨ ᠭᠠᠵᠠᠷ ᠲᠤᠨᠢ ᠡᠮᠨᠡᠭᠦᠯᠬᠦ ᠬᠡᠷᠡᠭᠲᠡᠢ᠃ | ᠲᠤᠰ ᠤᠳᠠᠭᠠᠨ ᠤ ᠰᠣᠯᠢᠯᠴᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ᠪᠦᠬᠦ ᠬᠤᠲᠠ ᠶᠢᠨ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠭᠦᠶᠡᠩ ᠰᠢᠶᠠᠨ ᠲᠤᠰ | ᠤᠳᠠᠭᠠᠨ ᠤ ᠰᠣᠯᠢᠯᠴᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠮᠠᠨ ᠤ ᠰᠢᠶᠠᠨ ᠤ ᠨᠢᠭᠲᠠ ᠬᠡᠯᠪᠡᠷᠢ ᠶᠢᠨ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠬᠥᠭᠵᠢᠯᠲᠡ ᠶᠢ ᠰᠠᠨᠠᠭᠠᠴᠢᠯᠠᠭ᠎ᠠ ᠠᠴᠠ ᠪᠠᠨ ᠠᠬᠢᠭᠤᠯᠵᠤ᠂ | ᠨᠡᠩ ᠣᠯᠠᠨ ᠲᠤᠰᠬᠠᠢ ᠮᠡᠷᠭᠡᠵᠢᠯᠲᠡᠨ ᠪᠠ ᠡᠮᠴᠢᠯᠡᠭᠡᠨ ᠤ ᠡᠬᠢ ᠪᠠᠶᠠᠯᠢᠭ ᠢ ᠭᠦᠢᠴᠡᠳ ᠨᠢᠭᠡᠳᠦᠯᠲᠡᠢ ᠲᠥᠯᠥᠪᠯᠡᠨ | ᠲᠣᠬᠢᠷᠠᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠣᠯᠠᠨ ᠲᠦᠮᠡᠨ ᠳᠤ ᠨᠡᠩ | ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠣᠯᠤᠨ᠎ᠠ᠃ ᠰᠢᠶᠠᠨ ᠤ ᠱᠠᠲᠤ ᠨᠢ ᠴᠢᠩᠭ᠎ᠠ᠂ ᠰᠢᠶᠠᠩ ᠤᠨ | ᠱᠠᠲᠤ ᠨᠢ ᠠᠮᠢᠳᠤᠯᠢᠭ᠂ ᠲᠣᠰᠬᠤᠨ ᠤ ᠱᠠᠲᠤ ᠨᠢ ᠲᠣᠭᠲᠠᠭᠤᠨ᠂ ᠳᠡᠭᠡᠷ᠎ᠡ ᠳᠣᠣᠷ᠎ᠠ ᠨᠢ ᠬᠤᠯᠪᠣᠭᠰᠠᠨ᠂ ᠮᠡᠳᠡᠭᠡ | ᠵᠠᠩᠭᠢ ᠨᠡᠪᠲᠡᠷᠡᠭᠰᠡᠨ ᠰᠢᠶᠠᠨ ᠤ ᠬᠡᠪᠴᠢᠶᠡᠨ ᠤ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠨ᠎ᠡ | ᠰᠢᠰᠲ᠋ᠧᠮᠵᠢ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠦ᠋ ᠶᠠᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ | ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |