ᠰᠢᠶᠠᠨ ᠤ ᠵᠠᠰᠠᠭ ᠤᠨ ᠣᠷᠳᠣᠨ 2024 ᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/25
    11 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠾᠧᠦ ᠶᠥᠩ ᠹᠧᠩ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠢ ᠬᠤᠲᠠ ᠶᠢᠨ ᠲᠡᠷᠭᠡ ᠵᠢᠯᠣᠭᠤᠳᠴᠤ ᠮᠥᠷᠭᠦᠯᠳᠦᠭᠰᠡᠨ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ 2024 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠭᠦᠶᠡᠩ ᠰᠢᠶᠠᠨ ᠤ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠢ ᠬᠤᠲᠠ ᠶᠢᠨ ᠲᠡᠷᠭᠡ ᠵᠢᠯᠣᠭᠤᠳᠴᠤ ᠶᠠᠪᠠᠭᠠᠨ ᠬᠥᠮᠦᠨ ᠤ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠦᠨᠵᠡᠭᠡᠢ ᠰᠤᠷᠭᠠᠮᠵᠢ ᠠᠪᠴᠤ᠂ ᠨᠡᠶᠢᠭᠡᠮ ᠤᠨ ᠲᠠᠯ᠎ᠠ ᠶᠢᠨ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ ᠤᠨ ᠭᠤᠣᠯᠳᠠᠯᠭ᠎ᠠ ᠲᠠᠢ ᠬᠡᠰᠡᠭ ᠤᠨ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠡᠬᠢ ᠡᠭᠦᠰᠦᠯ ᠠᠴᠠ ᠨᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠬᠡᠲᠦᠷᠡᠮᠡᠬᠡᠢ ᠬᠡᠷᠡᠭ ᠡᠭᠦᠰᠬᠦ ᠶᠢ ᠪᠦᠲᠦᠮᠵᠢᠲᠡᠢ ᠰᠡᠷᠭᠡᠶᠢᠯᠡᠵᠦ᠂ ᠪᠥᠬᠦ ᠰᠢᠶᠠᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ  ᠭᠡᠪᠡ᠃     ᠬᠤᠷᠠᠯ ᠠᠴᠠ᠂ ᠪᠥᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠨᠢ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠬᠢᠵᠢᠭᠦᠯᠬᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠬᠤ ᠳᠤ ᠴᠢᠬᠤᠯᠠ ᠦᠢᠯᠡᠳᠦᠯ ᠲᠠᠢ ᠶᠤᠮ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠬᠦ ᠰᠢᠢᠳᠪᠦᠷᠢᠯᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠵᠠᠰᠠᠭ ᠤᠨ ᠣᠷᠳᠣᠨ ᠤ ᠣᠯᠠᠨ ᠢ ᠢᠲᠡᠭᠡᠭᠦᠯᠬᠦ ᠬᠦᠴᠦᠨ ᠢ ᠬᠠᠮᠠᠭᠠᠯᠠᠵᠤ᠂ ᠪᠥᠬᠦ ᠰᠢᠶᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ  ᠭᠡᠪᠡ᠃     ᠬᠤᠷᠠᠯ ᠠᠴᠠ᠂ ︽ᠭᠦᠶᠡᠩ ᠰᠢᠶᠠᠨ ᠤ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠵᠢᠭᠦᠯᠬᠦ ᠲᠥᠰᠦᠯ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠪᠠᠲᠤᠳᠬᠠᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ᠂ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠵᠢᠴᠢ ︽ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ︾ ᠬᠠᠲᠠᠭᠤ ᠠᠷᠭ᠎ᠠ ᠬᠡᠮᠵᠢᠶ᠎ᠡ ᠪᠠᠷ ᠨᠡᠭᠦᠷᠡᠰᠦᠨ ᠤ ᠪᠤᠰᠤ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠭᠦᠷᠡᠰᠦᠨ ᠤ ᠪᠤᠰᠤ ᠠᠭᠤᠷᠬᠠᠢ ᠶᠢᠨ ᠮᠥᠨ ᠴᠢᠨᠠᠷ ᠤᠨ ᠠᠮᠤᠷ ᠲᠦᠪᠰᠢᠨ ᠤ ᠰᠠᠭᠤᠷᠢ ᠶᠢ ᠡᠷᠡᠰ ᠪᠠᠬᠢᠵᠢᠭᠦᠯᠬᠦ ᠬᠡᠷᠡᠭᠲᠡᠢ ᠭᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号