ᠣᠶᠢᠷ᠎ᠡ ᠳᠤ᠂ ᠭᠦᠶᠡᠩ ᠰᠢᠶᠠᠨ ᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ᠂ ᠭᠦᠶᠡᠩ ᠰᠢᠶᠠᠨ ᠤ | ᠵᠢᠨᠱᠠᠨ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠵᠢᠱᠢᠶ᠎ᠡ ᠦᠵᠡᠭᠦᠯᠬᠦ ᠲᠥᠪ ᠫᠠᠶᠢᠰᠠ | ᠰᠡᠬᠦᠬᠦ ᠶᠣᠰᠣᠯᠠᠯ ᠶᠠᠪᠤᠭᠤᠯᠤᠭᠰᠠᠨ ᠪᠥᠭᠡᠳ ᠠᠰᠢᠭᠯᠠᠯᠲᠠ ᠳᠤ ᠣᠷᠣᠪᠠ᠃ ᠬᠤᠲᠠ ᠶᠢᠨ ᠵᠡᠮᠳᠡᠭᠴᠦᠳ ᠤᠨ | ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠤᠤ ᠮᠠᠨ ᠢ᠂ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶᠠᠨ ᠤ ᠳᠠᠷᠤᠭ᠎ᠠ ᠯᠢ ᠵᠦᠩ᠂ ᠰᠢᠶᠠᠨ ᠤ ᠤᠳᠤᠷᠢᠳᠤᠯᠭ᠎ᠠ ᠾᠧᠦ ᠶᠥᠩ ᠹᠧᠩ᠂ ᠱᠧᠨ ᠢᠦᠢ ᠴᠢᠦ | ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠲᠠ ᠰᠢᠶᠠᠨ ᠤ ᠤᠳᠤᠷᠢᠳᠤᠯᠭ᠎ᠠ ᠭᠦᠶᠡᠩ | ᠰᠢᠶᠠᠨ ᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ᠂ ᠭᠦᠶᠡᠩ ᠰᠢᠶᠠᠨ ᠤ ᠵᠢᠨᠱᠠᠨ ᠪᠠᠯᠭᠠᠰᠤᠨ ᠤ ᠣᠷᠣᠨ | ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠵᠢᠱᠢᠶ᠎ᠡ ᠦᠵᠡᠭᠦᠯᠬᠦ ᠲᠥᠪ ᠢ ᠲᠣᠭᠤᠷᠢᠨ ᠦᠵᠡᠵᠦ᠂ ᠲᠡᠳᠡᠨ ᠤ | ᠦᠨᠳᠦᠰᠦᠨ ᠪᠠᠶᠢᠳᠠᠯ ᠪᠠ ᠦᠢᠯᠡᠴᠢᠯᠡᠭᠡᠨ ᠤ ᠣᠨᠴᠠᠯᠢᠭ ᠢ ᠭᠦᠢᠴᠡᠳ ᠣᠶᠢᠯᠠᠭᠠᠭᠰᠠᠨ ᠪᠥᠭᠡᠳ ᠲᠥᠪ ᠤᠨ | ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠪᠠ᠃ | ᠣᠶᠢᠯᠠᠭᠠᠭᠰᠠᠨ ᠢᠶᠠᠷ᠂ ᠭᠦᠶᠡᠩ ᠰᠢᠶᠠᠨ ᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ᠂ ᠭᠦᠶᠡᠩ | ᠰᠢᠶᠠᠨ ᠤ ᠵᠢᠨᠱᠠᠨ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠵᠢᠱᠢᠶ᠎ᠡ ᠦᠵᠡᠭᠦᠯᠬᠦ | ᠲᠥᠪ ᠨᠢ ᠰᠢᠶᠣᠤ ᠰᠠᠨ ᠹᠧᠨ ᠽᠢ ᠲᠣᠰᠬᠤᠨ ᠤ ᠨᠠᠮ ᠤᠨ ᠬᠤᠷᠢᠶ᠎ᠡ ᠶᠢᠨ ᠡᠷᠳᠡᠨᠢ ᠭᠤᠤ ᠲᠣᠰᠬᠤᠨ ᠳᠤ | ᠪᠠᠶᠢᠷᠢᠯᠠᠵᠤ᠂ ᠬᠤᠲᠠ ᠶᠢᠨ ᠲᠥᠪ ᠠᠴᠠ ᠭᠤᠷᠪᠠᠨ ᠺᠢᠯᠣᠮᠧᠲᠷ ᠵᠠᠶᠢᠲᠠᠢ ᠪᠠᠶᠢᠳᠠᠭ᠃ ᠪᠠᠶᠢᠭᠤᠯᠤᠮᠵᠢ ᠶᠢᠨ ᠡᠵᠡᠯᠡᠬᠦ | ᠲᠠᠯᠠᠪᠠᠢ ᠨᠢ 10211 ᠲᠡᠭᠰᠢ ᠳᠥᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠲᠠᠯᠠᠪᠠᠢ ᠨᠢ 3685 ᠲᠡᠭᠰᠢ | ᠳᠥᠷᠪᠡᠯᠵᠢᠨ ᠮᠧᠲᠷ ᠪᠠᠶᠢᠵᠤ᠂ 125 ᠣᠷᠣ ᠲᠣᠬᠢᠷᠠᠭᠤᠯᠵᠤ᠂ ᠰᠤᠪᠢᠯᠠᠯᠲᠠ ᠶᠢᠨ ᠲᠣᠭᠤᠷᠢᠭ᠂ ᠬᠠᠪᠰᠤᠷᠤᠨ | ᠲᠡᠳᠬᠦᠬᠦ ᠲᠣᠭᠤᠷᠢᠭ᠂ ᠰᠤᠪᠢᠯᠠᠯᠲᠠ ᠶᠢᠨ ᠲᠣᠭᠤᠷᠢᠭ᠂ ᠡᠷᠡᠭᠦᠯᠵᠢᠯ ᠤᠨ ᠲᠣᠭᠤᠷᠢᠭ᠂ ᠪᠡᠶ᠎ᠡ ᠴᠢᠭᠢᠷᠠᠭᠵᠢᠭᠤᠯᠬᠤ | ᠲᠣᠭᠤᠷᠢᠭ᠂ ᠵᠤᠭ᠎ᠠ ᠴᠡᠩᠭᠡᠯ ᠤᠨ ᠲᠠᠰᠤᠭ᠂ ᠤᠷᠠᠨ ᠪᠢᠴᠢᠯᠭᠡ ᠤᠷᠠᠨ ᠵᠢᠷᠤᠭ ᠤᠨ ᠲᠠᠰᠤᠭ᠂ ᠴᠠᠢ ᠵᠣᠭᠤᠭᠳᠠᠬᠤ | ᠪᠠᠭᠠᠷ᠂ ᠣᠯᠠᠨ ᠵᠠᠭᠤᠴᠢᠯᠠᠭᠤᠷ ᠤᠨ ᠠᠵᠢᠯᠯᠠᠭᠠᠨ ᠤ ᠲᠠᠰᠤᠭ᠂ ᠢᠰᠦᠯᠳᠦᠭᠰᠡᠨ ᠨᠠᠷᠠᠨ ᠤ ᠥᠷᠥᠭᠡ ᠵᠡᠷᠭᠡ ᠡᠯ᠎ᠡ | ᠲᠥᠷᠥᠯ ᠤᠨ ᠴᠢᠳᠠᠮᠵᠢᠲᠤ ᠣᠷᠣᠨ ᠳᠣᠲᠣᠷ᠎ᠠ ᠪᠠᠨ ᠨᠠᠰᠤᠲᠠᠶᠢᠴᠤᠳ ᠲᠤ ᠣᠳᠣᠬᠢᠴᠢᠯᠠᠭᠰᠠᠨ ᠨᠢᠭᠡ ᠥᠷᠲᠡᠭᠡ | ᠮᠠᠶ᠋ᠢᠭ ᠤᠨ ᠨᠠᠰᠤᠵᠢᠯ ᠤᠨ ᠦᠢᠯᠡᠴᠢᠯᠡᠭᠡ ᠬᠠᠩᠭᠠᠵᠤ ᠪᠠᠶᠢᠨ᠎ᠠ᠃ |