ᠠᠷᠤ ᠠᠭᠤᠯᠠ ᠶᠢᠨ ᠭᠤᠴᠣ ᠦᠵᠡᠮᠵᠢ ᠲᠠᠢ ᠠᠭᠤᠯᠵᠠᠶ᠎ᠠ
ᠨᠡᠶᠢᠲᠡᠯᠡᠭᠰᠡᠨ ᠴᠠᠭ᠄
2024/11/25
    ᠥᠪᠥᠷ ᠮᠣᠩᠭᠤᠯ ᠤᠨ ᠳᠠᠯᠠᠨ ᠬᠠᠷ᠎ᠠ ᠠᠭᠤᠯᠠᠨ ᠠᠴᠠ ᠬᠤᠶᠢᠰᠢᠬᠢ ᠬᠥᠮᠦᠰ ᠥᠪᠡᠷ ᠢ ᠪᠠᠨ ︽ᠬᠤᠶᠢᠲᠤ ᠠᠭᠤᠯᠠᠨ ᠤ ᠬᠥᠮᠦᠨ︾ ᠭᠡᠵᠦ ᠬᠡᠯᠡᠳᠡᠭ ᠪᠣᠯᠪᠠᠴᠤ᠂ ᠬᠡᠳᠦ᠋ᠢᠪᠡᠷ ᠲᠡᠳᠡ ᠬᠤᠲᠠ ᠶᠢᠨ ᠱᠤᠤᠭᠢᠶᠠᠨ ᠠᠴᠠ ᠬᠤᠯᠠ ᠪᠠᠶᠢᠭ᠎ᠠ ᠪᠣᠯᠪᠠᠴᠤ ᠰᠢᠨ᠎ᠡ ᠰᠣᠷᠭᠤᠭ ᠠᠭᠤᠷ ᠠᠮᠢᠰᠬᠤᠯ ᠢ ᠠᠮᠢᠰᠬᠤᠵᠤ᠂ ᠭᠤᠶᠣ ᠰᠠᠶᠢᠬᠠᠨ ᠦᠵᠡᠮᠵᠢ ᠶᠢ ᠡᠳ᠋ᠯᠡᠵᠦ ᠪᠠᠶᠢᠨ᠎ᠠ᠃ ᠣᠶᠢᠷ᠎ᠠ ᠶᠢᠨ ᠵᠢᠯ ᠠᠴᠠ᠂ ᠨᠡᠩ ᠣᠯᠠᠨ ᠬᠥᠮᠦᠰ ︽ᠬᠤᠶᠢᠲᠤ ᠠᠭᠤᠯᠠ︾ ᠳᠤ ᠣᠷᠣᠵᠤ᠂ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠵᠤ᠂ ᠲᠠᠷᠢᠶᠠᠴᠢᠨ ᠠᠶᠢᠯ ᠤᠨ ᠰᠠᠶᠢᠬᠠᠨ ᠦᠨᠦᠷ ᠠᠮᠲᠠ ᠶᠢ ᠡᠳ᠋ᠯᠡᠵᠦ᠂ ᠪᠣᠬᠢᠷᠲᠤᠯ ᠦᠭᠡᠢ ᠨᠤᠲᠤᠭ ᠤᠨ ᠣᠨᠴᠠ ᠭᠠᠷᠤᠯᠲᠠ ᠶᠢ ᠬᠤᠳᠠᠯᠳᠤᠨ ᠠᠪᠴᠤ ᠪᠠᠶᠢᠨ᠎ᠠ᠃     ᠭᠦᠶᠡᠩ ᠰᠢᠶᠠᠨ ᠤ ᠴᠦᠨ ᠺᠦᠨ ᠱᠠᠨ ᠤ ᠬᠥᠯ ᠳᠣᠣᠷᠠᠬᠢ ᠶᠢᠨ ᠬᠤᠤ ᠪᠠᠯᠭᠠᠰᠤᠨ ᠤ ᠳ᠋ᠠ ᠮᠢᠶᠣᠣ ᠲᠣᠰᠬᠤᠨ ᠪᠣᠯ ᠦᠵᠡᠮᠵᠢ ᠰᠠᠶᠢᠲᠠᠢ ᠬᠥᠳᠡᠭᠡ ᠲᠣᠰᠬᠤᠨ ᠤ ᠵᠤᠭᠠᠴᠠᠯ ᠤᠨ ᠭᠠᠵᠠᠷ ᠪᠣᠯᠤᠨ᠎ᠠ᠃ ᠡᠪᠦᠯ ᠤᠨ ᠡᠬᠢ ᠪᠠᠷ᠂ ᠬᠠᠭᠠᠰ ᠵᠢᠯ ᠭᠠᠷᠤᠢ ᠶᠢᠨ ᠶᠠᠭᠠᠷᠠᠯᠲᠠᠢ ᠲᠣᠰᠬᠤᠨ ᠤ ᠠᠷᠠᠳ ︽ᠡᠪᠦᠯᠵᠢᠬᠦ︾ ᠪᠠᠷ ᠪᠡᠯᠡᠳᠬᠡᠨ᠂ ᠥᠪᠡᠷ ᠤᠨ ᠲᠠᠷᠢᠶᠠᠴᠢᠨ ᠠᠶᠢᠯ ᠤᠨ ᠵᠢᠵᠢᠭ ᠬᠦᠷᠢᠶᠡᠨ ᠳᠣᠲᠣᠷ᠎ᠠ ᠡᠪᠦᠯ ᠤᠨ ᠡᠳᠦᠷ ᠤᠨ ᠰᠤᠯᠠ ᠰᠡᠯᠡᠭᠦᠦ ᠴᠠᠭ ᠢ ᠠᠮᠲᠠᠷᠬᠠᠨ ᠡᠳ᠋ᠯᠡᠵᠦ ᠪᠠᠶᠢᠯ᠎ᠠ᠃     ︽ᠲᠠᠷᠢᠶᠠᠴᠢᠨ ᠠᠶᠢᠯ ᠤᠨ ᠵᠤᠭᠠᠴᠠᠯ ᠠᠷᠠᠳ ᠤᠨ ᠪᠠᠭᠤᠳᠠᠯ︾ ︽ᠬᠦᠷᠢᠶ᠎ᠡ ᠬᠠᠰᠢᠶ᠎ᠠ ᠶᠢᠨ ᠠᠵᠤ ᠠᠬᠤᠢ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠦᠷᠢᠯᠳᠦᠪᠡ᠃     ︽ᠮᠠᠨ ᠤ ᠬᠤᠶᠢᠲᠤ ᠠᠭᠤᠯᠠᠨ ᠤ ᠬᠥᠮᠦᠨ ᠪᠠᠰᠠ ᠵᠢᠭᠤᠯᠴᠢᠯᠠᠯ ᠤᠨ ᠬᠤᠭᠤᠯᠠ ᠢᠳᠡᠨ᠎ᠡ ᠭᠡᠵᠦ ᠪᠣᠳᠣᠵᠤ ᠣᠯᠤᠭᠰᠠᠨ ᠦᠭᠡᠢ︾ ᠭᠡᠪᠡ᠃ 2024 ᠣᠨ ᠠᠴᠠ ᠨᠠᠰᠢᠬᠢ ᠥᠪᠡᠷ ᠤᠨ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠶᠢᠨ ᠲᠤᠬᠠᠢ ᠶᠠᠷᠢᠬᠤ ᠳᠤ᠂ ᠭᠦᠶᠡᠩ ᠰᠢᠶᠠᠨ ᠤ ᠶᠢᠨ ᠬᠤᠤ ᠪᠠᠯᠭᠠᠰᠤᠨ ᠤ ᠳ᠋ᠠ ᠮᠢᠶᠣᠣ ᠲᠣᠰᠬᠤᠨ ᠤ ᠠᠷᠠᠳ ᠬᠠᠨ ᠯᠢᠶᠠᠨ ᠽᠣᠤ ᠮᠠᠰᠢ ᠰᠡᠳᠬᠢᠯ ᠳᠣᠭᠳᠣᠯᠪᠠ᠃ ᠥᠩᠭᠡᠷᠡᠭᠰᠡᠨ ᠵᠢᠯ ᠲᠡᠭᠦᠨ ᠤ ᠭᠡᠷ ᠨᠢ 42 ᠮᠢᠩᠭᠠᠨ ᠶᠤᠸᠠᠨ ᠵᠠᠷᠤᠴᠠᠭᠤᠯᠵᠤ ᠬᠤᠶᠠᠷ ᠳᠠᠪᠬᠤᠷ ᠠᠷᠠᠳ ᠤᠨ ᠣᠷᠣᠨ ᠰᠠᠭᠤᠴᠠ ᠶᠢ ᠳᠠᠷᠤᠭᠰᠠᠨ ᠭᠡᠵᠦ ᠲᠡᠷᠡ ᠬᠡᠯᠡᠪᠡ᠃ ︽ᠡᠩ ᠤᠨ ᠵᠢᠵᠢᠭ ᠬᠦᠷᠢᠶ᠎ᠡ᠂ ᠳᠣᠲᠣᠷ᠎ᠠ ᠨᠢ ᠪᠡᠶ᠎ᠡ ᠤᠬᠢᠶᠠᠬᠤ᠂ ᠰᠦᠷᠴᠢᠮᠡᠯ ᠤᠬᠢᠶᠠᠯᠭ᠎ᠠ᠂ ᠲᠣᠣᠷ ᠰᠦᠯᠵᠢᠶ᠎ᠡ ᠨᠢ WiFi︾ ᠭᠡᠳ ᠴᠥᠮ ᠪᠦᠷᠢᠨ᠃ ᠲᠡᠭᠦᠨ ᠤ ᠲᠠᠨᠢᠯᠴᠠᠭᠤᠯᠤᠭᠰᠠᠨ ᠢᠶᠠᠷ᠂ ᠵᠢᠭᠤᠯᠴᠢᠯᠠᠯ ᠤᠨ ᠬᠥᠭᠵᠢᠯᠲᠡᠢ ᠤᠯᠠᠷᠢᠯ ᠤᠨ 10 ᠬᠤᠪ ᠤᠨ ᠬᠤᠭᠤᠷᠣᠨᠳᠣ ᠬᠤᠨᠣᠭᠯᠠᠬᠤ ᠦᠭᠡᠢ ᠪᠥᠭᠡᠳ ᠭᠠᠷᠠᠭ ᠤᠨ ᠡᠴᠦᠰ ᠲᠤ ᠤᠷᠢᠳᠴᠢᠯᠠᠨ ᠪᠣᠯᠵᠣᠬᠤ ᠬᠡᠷᠡᠭᠲᠡᠢ᠃     ᠣᠶᠢᠷ᠎ᠠ ᠶᠢᠨ ᠵᠢᠯ ᠠᠴᠠ᠂ ᠳ᠋ᠠ ᠮᠢᠶᠣᠣ ᠲᠣᠰᠬᠤᠨ ᠪᠠᠶᠢᠭᠠᠯᠢ ᠶᠢᠨ ᠭᠠᠵᠠᠷ ᠵᠦᠢ ᠶᠢᠨ ᠳᠠᠪᠠᠭᠤᠯᠢᠭ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢ ᠠᠰᠢᠭᠯᠠᠨ᠂ ︽ᠬᠦᠷᠢᠶᠡᠨ ᠤ ᠠᠵᠤ ᠠᠬᠤᠢ︾ ᠬᠥᠭᠵᠢᠨ ᠮᠠᠨᠳᠤᠵᠠᠢ᠃     ᠳ᠋ᠠ ᠮᠢᠶᠣᠣ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠯᠢ ᠽᠧ ᠶᠠᠩ᠂ ᠳ᠋ᠠ ᠮᠢᠶᠣᠣ ᠲᠣᠰᠬᠤᠨ ᠤ ︽ᠬᠦᠷᠢᠶᠡᠨ ᠤ ᠠᠵᠤ ᠠᠬᠤᠢ︾ ᠶᠢᠨ ᠡᠭᠦᠰᠭᠡᠨ ᠪᠠᠶᠢᠭᠤᠯᠤᠭᠴᠢ᠃     ︽ᠥᠪᠡᠷ ᠤᠨ ᠬᠥᠭᠵᠢᠯᠲᠡ ᠳᠤ ᠲᠣᠬᠢᠷᠠᠬᠤ ᠵᠠᠮ ᠢ ᠣᠨᠣᠪᠴᠢᠲᠠᠢ ᠣᠯᠵᠤ᠂ ︿ᠬᠦᠷᠢᠶ᠎ᠡ ᠬᠠᠰᠢᠶ᠎ᠠ ᠶᠢᠨ ᠠᠵᠤ ᠠᠬᠤᠢ﹀ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠲᠠᠷᠢᠶᠠᠴᠢᠨ ᠠᠶᠢᠯ ᠤᠨ ᠵᠤᠭᠠᠴᠠᠯ᠂ ᠠᠷᠠᠳ ᠤᠨ ᠣᠷᠣᠨ ᠰᠠᠭᠤᠴᠠ ᠶᠢᠨ ᠣᠨᠴᠠᠯᠢᠭᠲᠤ ᠨᠡᠷᠡᠲᠦ ᠲᠡᠮᠳᠡᠭ ᠢ ᠡᠭᠦᠳᠦᠶ᠎ᠡ︾ ᠭᠡᠪᠡ᠃ 2019 ᠣᠨ ᠳᠤ᠂ ᠯᠢ ᠽᠧ ᠶᠠᠩ ᠲᠣᠰᠬᠤᠨ ᠤ ᠠᠷᠠᠳ ᠤᠨ ︽ᠬᠦᠷᠢᠶᠡᠨ ᠤ ᠠᠵᠤ ᠠᠬᠤᠢ︾ ᠶᠢ ᠬᠥᠭᠵᠢᠭᠦᠯᠬᠦ ᠶᠢ ᠰᠠᠨᠠᠭᠠᠴᠢᠯᠠᠪᠠ᠃     ᠭᠡᠪᠡᠴᠦ ᠡᠨᠡ ᠬᠦ ᠰᠠᠨᠠᠭᠠᠴᠢᠯᠠᠭ᠎ᠠ ᠤᠷᠢᠳ ᠢᠶᠠᠷ ᠲᠣᠰᠬᠤᠨ ᠤ ᠠᠷᠠᠳ ᠤᠨ ᠬᠠᠷᠢᠭᠤ ᠲᠤᠰᠬᠠᠯ ᠢ ᠣᠯᠵᠤ ᠴᠢᠳᠠᠭᠰᠠᠨ ᠦᠭᠡᠢ᠂ ᠮᠠᠰᠢ ᠣᠯᠠᠨ ᠲᠣᠰᠬᠤᠨ ᠤ ᠠᠷᠠᠳ ᠠᠵᠢᠭᠯᠠᠬᠤ ᠣᠪᠣᠷ ᠢᠶᠠᠷ ᠴᠢᠨᠠᠭᠰᠢᠯᠠᠪᠠᠯ ︽ᠴᠡᠷᠢᠭ ᠶᠣᠰᠣ ᠪᠠᠷ ᠬᠥᠳᠡᠯᠭᠡᠬᠦ ᠦᠭᠡᠢ︾ ᠭᠡᠵᠦ ᠪᠠᠶᠢᠯ᠎ᠠ᠃ ᠯᠢ ᠽᠧ ᠶᠠᠩ ᠲᠣᠰᠬᠤᠨ ᠤ ᠠᠷᠠᠳ ᠥᠩᠭᠡᠨ ᠲᠠᠯ᠎ᠠ ᠠᠴᠠ ᠮᠡᠳᠡᠷᠡᠵᠦ᠂ ᠳᠣᠲᠣᠭᠠᠳᠤ ᠰᠡᠳᠬᠢᠯ ᠳᠤ ᠪᠠᠰᠠ ᠬᠤᠶᠢᠰᠢᠳᠠ ᠶᠢᠨ ᠵᠣᠪᠠᠨᠢᠯ ᠣᠷᠣᠰᠢᠵᠤ ᠪᠠᠶᠢᠬᠤ ᠶᠢ ᠮᠡᠳᠡᠪᠡ᠃ ᠲᠡᠭᠡᠭᠡᠳ ᠲᠡᠷᠡ ᠵᠣᠷᠢᠭᠲᠠᠢ ᠲᠣᠭᠲᠠᠭᠠᠯ ᠲᠠᠢ ᠪᠣᠯᠵᠠᠢ᠂ ᠲᠡᠷᠡ ᠨᠢ ᠳᠠᠷᠤᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠠᠷᠢᠶᠠᠴᠢᠨ ᠠᠶᠢᠯ ᠤᠨ ᠵᠤᠭᠠᠴᠠᠯ ᠤᠨ ᠦᠯᠢᠭᠡᠷ ᠳᠠᠭᠤᠷᠢᠶᠠᠯ ᠪᠣᠯᠵᠤ᠂ ᠲᠣᠰᠬᠤᠨ ᠤ ᠠᠷᠠᠳ ᠲᠤ ᠦᠨᠡᠨ ᠪᠣᠳᠠᠲᠠᠢ ᠦᠷ᠎ᠡ ᠠᠰᠢᠭ ᠢ ᠦᠵᠡᠭᠦᠯᠵᠦ ᠪᠠᠶᠢᠭ᠎ᠠ ᠶᠠᠪᠤᠳᠠᠯ ᠪᠣᠯᠤᠨ᠎ᠠ᠃     ᠭᠦᠶᠡᠩ ᠰᠢᠶᠠᠨ ᠪᠣᠯ ᠡᠬᠡ ᠤᠯᠤᠰ ᠤᠨ ᠤᠮᠠᠷᠠᠲᠤ ᠬᠡᠰᠡᠭ ᠲᠤ ᠪᠠᠶᠢᠷᠢᠯᠠᠵᠤ᠂ ᠤᠮᠠᠷᠠᠲᠤ ᠥᠷᠭᠡᠷᠢᠭ ᠤᠨ 41 ᠭᠷᠠᠳᠦ᠋ᠰ ᠤᠨ ᠰᠢᠵᠢᠷ ᠠᠯᠲᠠᠨ ᠥᠷᠭᠡᠷᠢᠭ ᠤᠨ ᠪᠦᠰᠡ ᠳᠤ ᠪᠠᠶᠢᠷᠢᠯᠠᠵᠤ ᠪᠤᠢ᠃     ᠭᠦᠶᠡᠩ ᠰᠢᠶᠠᠨ ᠴᠢᠨ ᠤᠯᠤᠰ ᠤᠨ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠴᠦᠨ ᠺᠦᠨ ᠱᠠᠨ᠂ ᠮᠠ ᠠᠨ ᠱᠠᠨ ᠵᠡᠷᠭᠡ ᠦᠵᠡᠮᠵᠢ ᠶᠢᠨ ᠣᠷᠣᠨ ᠳᠤ ᠲᠦᠰᠢᠭᠯᠡᠨ᠂ ᠣᠯᠠᠨ ᠳᠡᠰ ᠳᠠᠪᠬᠤᠷᠭ᠎ᠠ᠂ ᠣᠯᠠᠨ ᠶᠠᠩᠵᠤ ᠶᠢᠨ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠢᠭᠤᠯᠴᠢᠯᠠᠯ ᠤᠨ ᠬᠥᠭᠵᠢᠯᠲᠡ ᠶᠢᠨ ᠰᠢᠰᠲ᠋ᠧᠮ ᠢ ᠪᠠᠶᠢᠭᠤᠯᠪᠠ᠃     ᠠᠯᠳᠠᠷᠲᠤ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠴᠦᠨ ᠺᠦᠨ ᠱᠠᠨ ᠤ ᠬᠤᠷᠮᠣᠢ ᠳᠠᠬᠢ ᠳ᠋ᠠ ᠮᠢᠶᠣᠣ ᠲᠣᠰᠬᠤᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠪᠠ ᠭᠦᠨ ᠵᠤᠵᠠᠭᠠᠨ ᠰᠣᠶᠣᠯ ᠤᠨ ᠰᠠᠭᠤᠷᠢ ᠪᠠᠷ ᠢᠶᠠᠨ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠡᠭᠦᠳᠡ ᠪᠠᠨ ᠨᠡᠭᠡᠭᠡᠵᠦ ᠦᠵᠡᠮᠵᠢ ᠶᠢ ᠬᠠᠷᠠᠵᠤ᠂ ᠭᠠᠳᠠᠭᠰᠢ ᠭᠠᠷᠴᠤ ᠨᠣᠭᠤᠭᠠᠨ ᠥᠩᠭᠡ ᠲᠠᠢ ᠪᠣᠯᠵᠤ᠂ ᠴᠦᠨ ᠺᠦᠨ ᠱᠠᠨ ᠪᠣᠯᠤᠨ ᠯᠢᠦ ᠰᠠᠨ ᠭᠧᠦ ᠶᠢᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠡᠭᠦᠳᠬᠦ ᠶᠢ ᠳᠠᠭᠠᠯᠳᠤᠨ ᠂ ᠬᠥᠳᠡᠭᠡ ᠲᠣᠰᠬᠤᠨ ᠤ ᠵᠢᠭᠤᠯᠴᠢᠯᠠᠯ ᠤᠨ ︽ᠰᠠᠶᠢᠨ ᠦᠵᠡᠮᠵᠢ︾ ᠤᠯᠠᠮ ᠠᠴᠠ ᠤᠯᠠᠮ ᠵᠤᠭᠠᠴᠠᠭᠰᠠᠳ ᠢ ᠲᠠᠲᠠᠵᠠᠢ᠃     ᠭᠦᠶᠡᠩ ᠰᠢᠶᠠᠨ ᠤ ᠬᠥᠳᠡᠭᠡ ᠲᠣᠰᠬᠤᠨ ᠤ ᠠᠵᠤ ᠠᠬᠤᠢ ᠶᠢ ᠳᠡᠮᠵᠢᠬᠦ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠷᠢᠳ ᠬᠤᠵᠢᠳ ᠬᠡᠳᠦᠨ ᠵᠠᠭᠤᠨ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠳ᠋ᠠ ᠮᠢᠶᠣᠣ ᠲᠣᠰᠬᠤᠨ ᠳᠤ ᠪᠣᠬᠢᠷ ᠤᠰᠤᠨ ᠤ ᠬᠤᠭᠤᠯᠠᠢ ᠶᠢᠨ ᠢᠨᠵᠧᠨᠧᠷᠢᠩ᠂ ᠲᠦᠭᠡᠭᠡᠯ ᠤᠰᠤᠨ ᠤ ᠭᠦᠨ ᠬᠤᠳᠳᠤᠭ ᠤᠨ ᠢᠨᠵᠧᠨᠧᠷᠢᠩ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ ᠬᠠᠲᠠᠭᠤᠷᠠᠭᠤᠯᠬᠤ᠂ ᠭᠡᠷᠡᠯᠲᠦᠭᠦᠯᠬᠦ᠂ ᠮᠢᠩᠭᠠᠨ ᠰᠠᠶ᠎ᠠ ᠰᠦᠯᠵᠢᠶ᠎ᠡ᠂ ᠠᠭᠤᠳᠠᠮ ᠲᠠᠯᠠᠪᠠᠢ᠂ ᠲᠠᠶᠢᠰᠠ᠂ ᠰᠣᠶᠣᠯ ᠤᠨ ᠬᠡᠷᠡᠮ ᠵᠡᠷᠭᠡ ᠠᠯᠢ ᠣᠯᠠᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠪᠡ᠃ ᠲᠣᠰᠬᠤᠨ ᠤ ᠣᠷᠴᠢᠨ ᠲᠣᠭᠤᠷᠢᠨ ᠲᠦᠢᠯ ᠤᠨ ᠶᠡᠭᠡ ᠰᠠᠶᠢᠵᠢᠷᠠᠵᠤ᠂ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠠᠶᠢᠳᠠᠯ ᠲᠠᠢ ᠪᠣᠯᠪᠠ᠃     ᠨᠤᠲᠤᠭ ᠤᠰᠤᠨ ᠤ ︽ᠲᠠᠲᠠᠬᠤ ᠨᠥᠯᠥᠭᠡ︾ ᠨᠢ ᠳᠣᠪᠤᠶᠢᠮ᠎ᠠ ᠪᠣᠯᠵᠤ ᠡᠬᠢᠯᠡᠪᠡ᠃ ᠨᠤᠲᠤᠭ ᠤᠰᠤᠨ ᠤ ᠪᠠᠨ ᠬᠠᠶᠢᠷ᠎ᠠ ᠰᠡᠳᠬᠢᠯᠭᠡ ᠶᠢ ᠤᠯᠠᠮ ᠢᠯᠡᠭᠦᠦ ᠡᠪᠦᠷᠯᠡᠵᠦ ᠪᠠᠶᠢᠭ᠎ᠠ ᠵᠠᠯᠠᠭᠤᠴᠤᠳ ᠨᠤᠲᠤᠭ ᠳᠠᠭᠠᠨ ᠪᠤᠴᠠᠵᠤ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠥᠮᠦᠨ ᠪᠣᠯᠵᠤ᠂ ᠲᠡᠳᠡ ᠡᠪᠳᠡᠷᠬᠡᠢ ᠬᠠᠭᠤᠴᠢᠨ ᠭᠡᠷ ᠪᠠᠶᠢᠰᠢᠩ ᠪᠤᠶᠤ ᠣᠳᠣ ᠶᠢᠨ ᠰᠠᠭᠤᠵᠤ ᠪᠠᠶᠢᠭ᠎ᠠ ᠭᠡᠷ ᠪᠠᠶᠢᠰᠢᠩ ᠢ ᠥᠭᠡᠷᠡᠴᠢᠯᠡᠭᠡᠳ ᠲᠠᠷᠢᠶᠠᠴᠢᠨ ᠠᠶᠢᠯ ᠤᠨ ᠵᠤᠭᠠᠴᠠᠯ ᠪᠠ ᠠᠷᠠᠳ ᠤᠨ ᠣᠷᠣᠨ ᠰᠠᠭᠤᠴᠠ ᠶᠢ ᠪᠣᠯᠭᠠᠪᠠ᠃     ᠡᠭᠦᠨ ᠤ ᠬᠠᠮᠲᠤ᠂ ᠨᠢᠭᠡ ᠪᠦᠯᠦᠭ ᠬᠠᠷᠠᠭ᠎ᠠ ᠲᠠᠢ ᠨᠤᠲᠤᠭ ᠳᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠵᠠᠯᠠᠭᠤᠴᠤᠳ ᠪᠠᠰᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ ᠡᠯᠪᠡᠭ ᠪᠣᠯᠭᠠᠵᠤ᠂ ᠬᠦᠷᠢᠶᠡᠨ ᠳᠤ ᠠᠵᠤ ᠠᠬᠤᠢ ᠶᠢᠨ ᠲᠠᠷᠢᠮᠠᠯ ᠲᠠᠷᠢᠵᠤ᠂ ᠬᠥᠳᠡᠭᠡ ᠲᠣᠰᠬᠤᠨ ᠤ ᠵᠥᠷᠢᠭ ᠵᠠᠮ ᠢ ᠠᠭᠲᠠ ᠶᠢᠨ ᠲᠠᠯᠠᠪᠠᠢ ᠪᠣᠯᠭᠠᠨ ᠥᠭᠡᠷᠡᠴᠢᠯᠡᠵᠦ᠂ ᠵᠤᠭᠠᠴᠠᠭᠰᠠᠳ ᠤᠨ ᠣᠶᠢᠯᠠᠭᠠᠯᠲᠠ ᠶᠢ ᠤᠯᠠᠮ ᠠᠴᠠ ᠤᠯᠠᠮ ᠰᠠᠶᠢᠵᠢᠷᠠᠭᠤᠯᠪᠠ᠃     2020 ᠣᠨ ᠳᠤ᠂ ᠬᠤᠲᠠ ᠳᠤ ᠠᠷᠪᠠᠨ ᠬᠡᠳᠦᠨ ᠵᠢᠯ ᠦᠰᠦ ᠵᠠᠰᠠᠬᠤ ᠭᠠᠵᠠᠷ ᠨᠡᠭᠡᠭᠡᠭᠰᠡᠨ ᠬᠠᠨ ᠯᠢᠶᠠᠨ ᠽᠣᠤ ᠰᠡᠩᠬᠡᠷᠡᠭᠦᠯᠦᠯ ᠣᠯᠵᠤ᠂ ᠲᠣᠰᠬᠤᠨ ᠳᠠᠭᠠᠨ ᠬᠠᠷᠢᠵᠤ ᠬᠥᠳᠡᠭᠡ ᠠᠶᠢᠯ ᠤᠨ ᠵᠤᠭᠠᠴᠠᠯ ᠡᠬᠢᠯᠡᠵᠦ᠂ ᠭᠡᠷ ᠤᠨ ᠡᠭᠦᠳᠡᠨ ᠳᠤ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠠᠷᠭ᠎ᠠ ᠵᠠᠮ ᠢ ᠡᠷᠢᠵᠦ ᠣᠯᠪᠠ᠃     ︽ᠣᠯᠠᠨ ᠢᠶᠠᠷ ᠢᠶᠠᠨ ᠴᠦᠨ ᠺᠦᠨ ᠱᠠᠨ ᠠᠭᠤᠯᠠᠨ ᠠᠴᠠ ᠪᠠᠭᠤᠵᠤ ᠲᠠᠷᠢᠶᠠᠴᠢᠨ ᠠᠶᠢᠯ ᠤᠨ ᠬᠤᠭᠤᠯᠠ ᠢᠳᠡᠬᠦ ᠪᠠᠷ ᠢᠷᠡᠵᠡᠢ᠂ ᠡᠨᠡ ᠵᠢᠯ ᠠᠴᠠ ᠨᠠᠰᠢ᠂ ᠮᠠᠨ ᠤ ᠭᠡᠷ ᠤᠨ ᠠᠷᠠᠳ ᠤᠨ ᠪᠠᠭᠤᠳᠠᠯ ᠴᠤ ᠮᠧᠢ ᠲᠤᠸᠠᠨ᠂ ᠳ᠋ᠧᠦ ᠶᠢᠨ ᠢᠶᠠᠷ ᠤᠷᠢᠳᠴᠢᠯᠠᠨ ᠵᠠᠬᠢᠶᠠᠯᠠᠵᠤ᠂ ᠾᠧᠪᠧᠢ᠂ ᠱᠠᠨᠰᠢ᠂ ᠬᠤᠨᠠᠨ ᠵᠡᠷᠭᠡ ᠭᠠᠳᠠᠷ ᠣᠷᠣᠨ ᠤ ᠵᠤᠭᠠᠴᠠᠭᠰᠠᠳ ᠮᠠᠰᠢ ᠣᠯᠠᠨ ᠪᠠᠶᠢᠨ᠎ᠠ︾ ᠭᠡᠵᠦ ᠬᠠᠨ ᠯᠢᠶᠠᠨ ᠴᠢ ᠬᠡᠯᠡᠪᠡ᠃     ᠣᠨᠴᠠᠯᠢᠭᠲᠤ ᠠᠵᠢᠯᠯᠠᠭ᠎ᠠ ᠨᠢ ︽ᠬᠦᠷᠢᠶ᠎ᠡ ᠬᠠᠰᠢᠶ᠎ᠠ ᠶᠢᠨ ᠠᠵᠤ ᠠᠬᠤᠢ︾ ᠶᠢ ᠰᠠᠶᠢᠵᠢᠷᠠᠭᠤᠯᠪᠠ     ᠳ᠋ᠠ ᠮᠢᠶᠣᠣ ᠲᠣᠰᠬᠤᠨ ᠤ ᠣᠨᠴᠠᠯᠢᠭᠲᠤ ᠰᠣᠶᠣᠯ ᠢᠷᠭᠡᠨᠰᠢᠯ ᠤᠨ ᠡᠬᠢ ᠪᠠᠶᠠᠯᠢᠭ ᠢ ᠠᠭᠤᠳᠠᠯᠤᠨ ᠬᠥᠭᠵᠢᠭᠦᠯᠬᠦ ᠶᠢᠨ ᠲᠥᠯᠥᠭᠡ᠂ ᠡᠨᠡ ᠵᠢᠯ ᠤᠨ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ᠂ ᠲᠤᠬᠠᠢ ᠶᠢᠨ ᠭᠠᠵᠠᠷ ᠤᠨ ᠬᠢᠨ ᠯᠢᠦ ᠰᠠᠨ ᠭᠧᠦ᠂ ᠬᠠᠷᠢᠯᠴᠠᠨ ᠮᠡᠳᠡᠷᠡᠵᠦ ᠲᠣᠣᠷ ᠰᠦᠯᠵᠢᠶ᠎ᠡ᠂ ᠬᠡᠭᠡᠷ᠎ᠡ ᠶᠢᠨ ᠬᠤᠨᠴᠢᠷ ᠡᠯᠪᠡᠭ ᠬᠤᠷᠢᠶᠠᠯᠲᠠ ᠣᠯᠬᠤ ᠶᠣᠰᠣᠯᠠᠯ ᠵᠡᠷᠭᠡ ᠠᠵᠢᠯᠯᠠᠭ᠎ᠠ ᠥᠷᠨᠢᠭᠦᠯᠪᠡ︔ ᠶᠤᠤᠮᠠᠢ ᠶᠢᠨ ᠭᠤᠯᠢᠷ᠂ ᠳ᠋ᠠ ᠮᠢᠶᠣᠣ ᠲᠣᠰᠬᠤᠨ ᠤ ᠭᠠᠷ ᠠᠪᠤᠯᠭ᠎ᠠ ᠶᠢᠨ ᠲᠣᠮᠣ PK᠂ ᠲᠣᠰᠬᠤᠨ ᠤ ᠭᠦᠶᠦᠯᠲᠡ ᠪᠠ ᠳᠤᠷ᠎ᠠ ᠰᠣᠨᠢᠷᠬᠠᠯ ᠤᠨ ᠭᠦᠶᠦᠬᠦ ᠵᠡᠷᠭᠡ ᠣᠨᠴᠠᠯᠢᠭᠲᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠪᠦᠷᠢᠳᠬᠡᠯ ᠢ ᠦᠨᠳᠦᠰᠦᠯᠡᠪᠡᠯ᠂ 2024 ᠣᠨ ᠳᠤ᠂ ᠳ᠋ᠠ ᠮᠢᠶᠣᠣ ᠲᠣᠰᠬᠤᠨ ᠤ ᠵᠢᠭᠤᠯᠴᠢᠯᠠᠯ ᠤᠨ ᠣᠷᠣᠯᠭ᠎ᠠ 750 ᠲᠦᠮᠡᠨ ᠲᠥᠭᠦᠷᠢᠭ ᠲᠤ ᠬᠦᠷᠴᠡᠢ᠃     ᠡᠳᠦᠭᠡ᠂ ᠶᠡᠭᠡ ᠰᠦᠮ᠎ᠡ ᠲᠣᠰᠬᠤᠨ ᠢᠶᠠᠷ ᠶᠠᠪᠤᠵᠤ᠂ ᠠᠶᠢᠯ ᠲᠣᠰᠬᠤᠨ ᠤ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠭᠡᠷ ᠪᠠᠶᠢᠰᠢᠩ ᠪᠣᠯᠵᠤ ᠬᠤᠪᠢᠷᠠᠪᠠ᠂ ᠁ ︽ᠪᠤᠭᠤᠲᠤ ᠶᠢᠨ ᠨᠡᠷᠡᠲᠦ ᠨᠣᠭᠤᠭ᠎ᠠ︾ ᠶᠢᠨ ᠤᠯᠠᠮᠵᠢᠯᠠᠯᠲᠤ ᠠᠮᠲᠠᠲᠤ ᠢᠳᠡᠭᠡᠨ - ᠴᠦᠨ ᠺᠦᠨ ᠱᠠᠨ ᠤ ᠴᠢᠨᠠᠭᠰᠠᠨ ᠬᠤᠨᠢᠨ ᠮᠢᠬ᠎ᠠ ᠳ᠋ᠠ ᠮᠢᠶᠣᠣ ᠲᠣᠰᠬᠤᠨ ᠤ ᠬᠦᠷᠢᠶᠡᠨ ᠳᠤ ᠠᠩᠬᠢᠯᠤᠮ᠎ᠠ ᠰᠠᠶᠢᠬᠠᠨ᠃     ᠵᠤᠭᠠᠴᠠᠭᠰᠠᠳ ᠲᠤ ᠬᠥᠳᠡᠭᠡ ᠲᠣᠰᠬᠤᠨ ᠤ ᠠᠮᠢᠳᠤᠷᠠᠯ ᠢ ᠡᠳ᠋ᠯᠡᠬᠦ᠂ ᠪᠠᠶᠢᠭᠠᠯᠢ ᠶᠢᠨ ᠰᠠᠶᠢᠬᠠᠨ ᠦᠵᠡᠮᠵᠢ ᠶᠢ ᠡᠳ᠋ᠯᠡᠬᠦ ᠪᠠ ᠣᠷᠣᠨ ᠨᠤᠲᠤᠭ ᠤᠨ ᠠᠮᠲᠠᠲᠤ ᠢᠳᠡᠭᠡᠨ ᠢ ᠠᠮᠲᠠᠯᠠᠬᠤ ᠬᠦᠰᠡᠯᠡᠩ ᠤᠨ ᠭᠠᠵᠠᠷ ᠬᠠᠩᠭᠠᠪᠠ᠃ ︿ᠵᠢᠭᠤᠯᠴᠢᠯᠠᠯ﹀ ᠤᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ︿ᠬᠦᠷᠢᠶ᠎ᠡ ᠬᠠᠰᠢᠶ᠎ᠠ ᠶᠢᠨ ᠠᠵᠤ ᠠᠬᠤᠢ﹀ ᠶᠢᠨ ᠰᠣᠶᠣᠯ ᠵᠢᠭᠤᠯᠴᠢᠯᠠᠯ ᠤᠨ ᠫᠠᠶᠢᠰᠠ ᠶᠢ ᠰᠠᠶᠢᠲᠤᠷ ᠲᠠᠯᠪᠢᠵᠤ᠂ ᠵᠤᠭᠠᠴᠠᠭᠰᠠᠳ ᠢ ᠴᠦᠨ ᠺᠦᠨ ᠱᠠᠨ ᠠᠭᠤᠯᠠ᠂ ᠯᠢᠦ ᠰᠠᠨ ᠭᠧᠦ᠂ ᠠᠭᠤᠯᠠᠨ ᠬᠤᠷᠮᠣᠢ ᠳᠤ ᠢᠳᠡᠭᠦᠯᠦᠨ᠎ᠡ ᠁︾ ᠯᠢᠩ ᠯᠢ ᠽᠧ ᠶᠠᠩ ᠠᠴᠠ ᠥᠩᠭᠡᠷᠡᠭᠰᠡᠨ ᠤ ᠬᠦᠰᠡᠯ ᠵᠡᠭᠦᠳᠦ ᠣᠳᠣᠬᠢ ᠪᠣᠳᠠᠲᠤ ᠶᠠᠪᠤᠳᠠᠯ ᠪᠣᠯᠤᠭᠰᠠᠨ ᠪᠠᠶᠢᠨ᠎ᠠ ᠭᠡᠵᠦ ᠪᠠᠶᠠᠰᠤᠨ ᠶᠠᠷᠢᠵᠤ ᠪᠠᠶᠢᠯ᠎ᠠ᠃     ︽ᠳ᠋ᠠ ᠮᠢᠶᠣᠣ ᠲᠣᠰᠬᠤᠨ ᠤ ᠠᠮᠵᠢᠯᠲᠠ ᠣᠯᠬᠤ ᠬᠡᠪ ᠵᠠᠭᠪᠤᠷ ᠨᠢ ᠶᠢᠨ ᠬᠤᠤ ᠪᠠᠯᠭᠠᠰᠤ ᠴᠢᠨᠠᠭᠰᠢᠯᠠᠪᠠᠯ ᠪᠦᠬᠦ᠋ᠢᠯᠡ ᠭᠦᠶᠡᠩ ᠰᠢᠶᠠᠨ ᠤ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠯ ᠳᠤ ᠲᠣᠯᠢ ᠪᠣᠯᠭᠠᠵᠤ ᠪᠣᠯᠬᠤ ᠲᠤᠷᠰᠢᠯᠭ᠎ᠠ ᠬᠠᠩᠭᠠᠬᠤ ᠪᠣᠯᠤᠨ᠎ᠠ︾᠃ ᠭᠦᠶᠡᠩ ᠰᠢᠶᠠᠨ ᠤ ᠶᠢᠨ ᠬᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠷᠧᠨ ᠬᠤᠶ ᠢᠯᠡᠷᠬᠡᠶᠢᠯᠡᠬᠦ ᠳᠡᠭᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ︾ ᠪᠣᠯᠤᠭᠰᠠᠨ ᠤ ᠬᠤᠪᠢ ᠳᠤ᠂ ᠳ᠋ᠠ ᠮᠢᠶᠣᠣ ᠲᠣᠰᠬᠤᠨ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ᠂ ᠰᠣᠶᠣᠯ ᠤᠨ ᠣᠨᠴᠠᠯᠢᠭᠲᠤ ᠡᠯᠧᠮᠧᠨ᠋ᠲ ᠪᠠ ᠵᠢᠭᠤᠯᠴᠢᠯᠠᠯ ᠤᠨ ᠬᠦᠴᠦᠨ ᠵᠦᠢᠯ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢ ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠲᠠᠢ ᠤᠶᠠᠯᠳᠤᠭᠤᠯᠬᠤ ᠶᠢᠨ ᠬᠠᠮᠲᠤ ᠣᠷᠣᠨ ᠨᠤᠲᠤᠭ ᠤᠨ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠡᠭᠦᠳᠪᠡ ᠭᠡᠵᠡᠢ᠃
 
ᠢᠷᠡᠯᠲᠡ᠄ ᠭᠦᠶᠡᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号