ᠭᠦᠶᠡᠩ ᠰᠢᠶᠠᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠄ ︽ᠪᠠᠶᠢᠭᠠᠯᠢ ᠶᠢᠨ ᠣᠬᠢ ᠰᠣᠷᠭᠤᠭ︾ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/11/7
    ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢᠨ ᠭᠦᠨᠵᠡᠭᠡᠶᠢᠷᠡᠨ ᠥᠷᠨᠢᠬᠦ ᠶᠢ ᠳᠠᠭᠠᠯᠳᠤᠨ᠂ ᠭᠦᠶᠡᠩ ᠰᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢᠯᠡᠳᠲᠡ ᠴᠢᠩᠭᠠᠷᠠᠵᠤ᠂ ᠰᠢᠷᠬᠠᠲᠤᠭᠰᠠᠨ ᠬᠡᠭᠡᠷ᠎ᠡ ᠶᠢᠨ ᠠᠮᠢᠲᠠᠨ ᠢ ᠬᠤᠲᠠ ᠶᠢᠨ ᠳᠠᠷᠤᠭ᠎ᠠ ᠶᠢᠨ ᠬᠠᠯᠠᠭᠤᠨ ᠤᠲᠠᠰᠤ᠂ 110 ᠪᠠ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠤᠨ ᠤᠲᠠᠰᠤ ᠵᠡᠷᠭᠡ ᠠᠷᠭ᠎ᠠ ᠵᠠᠮ ᠢᠶᠠᠷ ᠣᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠲᠤ ᠲᠤᠰᠬᠠᠵᠤ ᠥᠭᠭᠦᠭᠰᠡᠨ ᠪᠥᠭᠡᠳ ᠬᠡᠭᠡᠷ᠎ᠡ ᠶᠢᠨ ᠠᠮᠢᠲᠠᠨ ᠢ ᠴᠠᠭ ᠲᠤᠬᠠᠢ ᠳᠤᠨᠢ ᠬᠤᠷᠢᠶᠠᠨ ᠠᠪᠴᠤ ᠠᠪᠤᠷᠠᠨ ᠲᠤᠰᠠᠯᠠᠪᠠ᠃     10 ᠳ᠋ᠤᠭᠠᠷ ᠰᠠᠷ᠎ᠠ ᠠᠴᠠ  ᠨᠠᠭᠠᠰᠢ᠂ ᠭᠦᠶᠡᠩ ᠰᠢᠶᠠᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠬᠤᠲᠠ ᠶᠢᠨ ᠠᠷᠠᠳ ᠤᠨ ᠬᠠᠯᠠᠭᠤᠨ ᠤᠲᠠᠰᠤ ᠪᠠᠷ ᠬᠠᠩᠭᠠᠭᠰᠠᠨ ᠰᠦᠪᠡᠭᠴᠢ ᠶᠢ ᠲᠤᠰᠴᠤ᠂ 6 ᠬᠡᠭᠡᠷ᠎ᠡ ᠶᠢᠨ ᠠᠮᠢᠲᠠᠨ ᠢ ᠬᠤᠷᠢᠶᠠᠨ ᠠᠪᠴᠤ᠂ ᠡᠭᠦᠨ ᠳᠤ ᠲᠠᠯ᠎ᠠ ᠨᠤᠲᠤᠭ ᠤᠨ ᠪᠦᠷᠭᠦᠳ᠂ ᠬᠠᠷᠴᠠᠭᠠᠢ᠂ ᠤᠯᠠᠭᠠᠨ ᠨᠠᠴᠢᠨ᠂ ᠪᠦᠷᠭᠦᠳ ᠵᠡᠷᠭᠡ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ ᠠᠮᠢᠲᠠᠨ ᠪᠠ ᠤᠯᠤᠰ ᠤᠨ ︽ᠭᠤᠷᠪᠠᠨ ᠪᠠᠶᠢᠬᠤ︾ ᠬᠠᠮᠠᠭᠠᠯᠠᠯᠲᠠ ᠶᠢᠨ ᠠᠮᠢᠲᠠᠨ ᠢ ᠪᠠᠭᠲᠠᠭᠠᠭᠰᠠᠨ ᠪᠥᠭᠡᠳ ᠲᠣᠬᠢᠲᠠᠢ ᠠᠪᠤᠷᠠᠨ ᠲᠤᠰᠠᠯᠠᠵᠤ ᠲᠥᠪᠬᠢᠨᠡᠭᠦᠯᠵᠡᠢ᠃ ᠡᠭᠦᠨ ᠤ ᠬᠠᠮᠲᠤ ᠬᠡᠭᠡᠷ᠎ᠡ ᠶᠢᠨ ᠠᠮᠢᠲᠠᠨ ᠢ ᠬᠤᠷᠢᠶᠠᠨ ᠠᠪᠴᠤ ᠠᠪᠤᠷᠠᠨ ᠲᠤᠰᠠᠯᠠᠬᠤ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠷᠢᠶᠠᠨ ᠠᠪᠴᠤ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠣᠢ ᠰᠢᠭᠤᠢ ᠶᠢᠨ ᠲᠠᠯᠠᠪᠠᠢ ᠳᠤ ᠭᠦᠨᠵᠡᠭᠡᠶᠢᠷᠡᠨ ᠬᠡᠭᠡᠷ᠎ᠡ ᠶᠢᠨ ᠠᠮᠢᠲᠠᠨ ᠳᠤ ᠢᠳᠡᠭᠡᠨ ᠬᠦᠷᠭᠡᠵᠦ᠂ ᠬᠡᠭᠡᠷ᠎ᠡ ᠶᠢᠨ ᠠᠮᠢᠲᠠᠨ ᠤ ᠦᠷᠡᠵᠢᠨ ᠳᠡᠯᠭᠡᠷᠡᠬᠦ ᠶᠢ ᠪᠦᠲᠦᠮᠵᠢᠲᠡᠢ ᠠᠬᠢᠭᠤᠯᠪᠠ᠃     ᠭᠦᠶᠡᠩ ᠰᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠣᠭᠲᠠᠴᠠ ᠶᠢ ᠴᠢᠩᠭᠠᠳᠬᠠᠵᠤ ᠠᠮᠤᠷ ᠲᠦᠪᠰᠢᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠪᠠᠶᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠢᠨᠠᠯᠲᠠ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠦᠷᠡᠵᠢᠬᠦ ᠭᠠᠵᠠᠷ᠂ ᠢᠳᠡᠰᠢ ᠡᠷᠢᠬᠦ ᠭᠠᠵᠠᠷ᠂ ᠨᠡᠭᠦᠳᠡᠯᠯᠡᠵᠦ ᠠᠮᠠᠷᠠᠬᠤ ᠭᠠᠵᠠᠷ᠂ ᠲᠥᠪᠯᠡᠷᠡᠭᠦᠯᠦᠨ ᠲᠠᠷᠬᠠᠬᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠦᠶᠡᠩ ᠰᠢᠶᠠᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠵᠢᠴᠢ ᠠᠮᠢ ᠠᠬᠤᠢ ᠶᠢᠨ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠪᠠ᠃
 
ᠢᠷᠡᠯᠲᠡ᠄ ᠦᠵᠡᠰᠬᠦᠯᠡᠩᠲᠦ ᠭᠦᠶᠡᠩ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号