ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠵᠡᠮᠳᠡᠭᠴᠦᠳ ᠤᠨ ᠵᠣᠯ ᠵᠢᠷᠭᠠᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/11/7
    ︽ᠲᠥᠷᠥ ᠶᠢᠨ ᠪᠣᠳᠣᠯᠭ᠎ᠠ ᠶᠠᠪᠤᠬᠤ ᠲᠤᠲᠤᠮ ᠰᠠᠶᠢᠵᠢᠷᠠᠵᠤ᠂ ᠵᠡᠮᠳᠡᠭᠴᠦᠳ ᠤᠨ ᠠᠮᠢᠳᠤᠷᠠᠯ ᠴᠤ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ︾᠃ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ᠂ ᠭᠦᠶᠡᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽2024 ᠣᠨ ᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠡᠯᠡ ᠮᠥᠩᠭᠦ ᠶᠢ ᠪᠠᠭᠤᠯᠭᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠢ ᠬᠦᠴᠦᠯᠡᠨ ᠠᠬᠢᠭᠤᠯᠵᠤ᠂ ᠮᠠᠨ ᠤ ᠰᠢᠶᠠᠨ ᠤ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ︵ᠳᠣᠷᠤᠭᠰᠢ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠭᠡᠵᠦ ᠲᠣᠪᠴᠢᠯᠠᠨ᠎ᠠ︶ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠵᠦ᠂ ᠰᠠᠷ᠎ᠠ ᠪᠣᠯᠭᠠᠨ ᠬᠥᠮᠦᠨ ᠪᠦᠷᠢ ᠳᠤ 100 ᠲᠥᠭᠦᠷᠢᠭ ᠪᠠᠶᠢᠭᠰᠠᠨ ᠠᠴᠠ ᠪᠠᠨ ᠬᠥᠮᠦᠨ ᠪᠦᠷᠢ ᠳᠤ 125 ᠲᠥᠭᠦᠷᠢᠭ ᠪᠣᠯᠭᠠᠨ ᠳᠡᠭᠡᠭᠰᠢᠯᠡᠭᠦᠯᠪᠡ᠃    ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠯᠭᠠᠬᠤ ᠶᠢ ᠠᠬᠢᠭᠤᠯᠬᠤ ᠶᠢᠨ ᠲᠥᠯᠥᠭᠡ᠂ ︽ᠬᠤᠶᠠᠷ ᠵᠦᠢᠯ ᠤᠨ ᠨᠥᠬᠦᠪᠥᠷᠢ︾ ᠶᠢ ᠭᠤᠶᠤᠴᠢᠯᠠᠭᠰᠠᠨ ᠵᠡᠮᠳᠡᠭᠴᠦᠳ ᠢ ᠴᠥᠮ ᠲᠣᠰᠬᠤᠨ ︵ᠨᠡᠶᠢᠭᠡᠮ ᠲᠣᠭᠤᠷᠢᠭ︶᠂ ᠪᠠᠯᠭᠠᠰᠤ᠂ ᠰᠢᠶᠠᠨ ᠭᠤᠷᠪᠠᠨ ᠱᠠᠲᠤ ᠪᠠᠷ ᠬᠢᠨᠠᠨ ᠬᠠᠷᠭᠤᠭᠤᠯᠵᠤ ᠪᠠᠲᠤᠯᠠᠨ᠎ᠠ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢᠨ ᠬᠠᠮᠲᠤ ᠵᠠᠰᠠᠭ ᠤᠨ ᠶᠠᠪᠤᠳᠠᠯ ᠤᠨ ᠲᠠᠪᠴᠠᠩ᠂ ᠠᠷᠠᠳ ᠤᠨ ᠶᠠᠪᠤᠳᠠᠯ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠪᠥᠬᠦ ᠰᠢᠶᠠᠨ ᠳᠤ ︽ᠬᠤᠶᠠᠷ ᠵᠦᠢᠯ ᠤᠨ ᠨᠥᠬᠦᠪᠥᠷᠢ︾ ᠡᠳ᠋ᠯᠡᠵᠦ ᠪᠠᠶᠢᠭ᠎ᠠ ᠵᠡᠮᠳᠡᠭᠴᠦᠳ ᠲᠤ ᠵᠠᠷᠯᠠᠨ ᠨᠡᠶᠢᠲᠡᠯᠡᠵᠦ᠂ ᠨᠥᠬᠦᠪᠥᠷᠢ ᠣᠯᠭᠤᠬᠤ ᠡᠲᠡᠭᠡᠳ ᠢ ᠨᠠᠩ ᠣᠨᠣᠪᠴᠢᠲᠠᠶ ᠪᠣᠯᠭᠠᠵᠤ᠂ ᠪᠠᠯᠠ ᠮᠥᠩᠭᠦ ᠶᠢ ᠨᠠᠩ ᠴᠠᠭ ᠲᠤᠬᠠᠶ ᠳᠤᠨᠢ ᠣᠯᠭᠤᠵᠤ᠂ ᠬᠠᠮᠢᠶᠠᠷᠤᠯᠲᠠ ᠶᠢᠨ ᠠᠵᠢᠯ ᠢ ᠨᠠᠩ ᠨᠠᠷᠢᠨ ᠨᠢᠮᠪᠠᠶ ᠪᠣᠯᠭᠠᠨ᠎ᠠ᠃    ᠣᠳᠣᠬᠠᠨ ᠳᠤ᠂ ᠪᠥᠬᠦ ᠰᠢᠶᠠᠨ ᠤ ᠦᠨᠡᠮᠯᠡᠯ ᠲᠠᠢ ᠵᠡᠮᠳᠡᠭ ᠬᠥᠮᠦᠨ ᠨᠡᠶᠢᠲᠡ 8426 ᠪᠠᠶᠢᠵᠤ᠂ ᠬᠦᠨᠳᠦ ᠵᠡᠮᠳᠡᠭᠴᠦᠳ ᠤᠨ ᠪᠠᠲᠤᠯᠠᠭ᠎ᠠ ᠳᠤ ᠣᠷᠣᠭᠤᠯᠤᠭᠰᠠᠨ ᠨᠢ 3568 ᠬᠦᠮᠦᠨ᠂ ᠬᠦᠴᠢᠷᠳᠡᠯᠲᠡᠶ ᠵᠡᠮᠳᠡᠭᠴᠦᠳ ᠤᠨ ᠪᠠᠲᠤᠯᠠᠭ᠎ᠠ ᠳᠤ ᠣᠷᠣᠭᠤᠯᠤᠭᠰᠠᠨ ᠨᠢ 2550 ᠬᠦᠮᠦᠨ ᠪᠣᠯᠤᠨ᠎ᠠ᠂ 1 – 11 ᠳ᠋ᠤᠭᠠᠷ ᠰᠠᠷ᠎ᠠ ᠳᠤ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢ ᠨᠡᠶᠢᠲᠡ 608.5 ᠲᠦᠮᠡᠨ ᠲᠥᠭᠦᠷᠢᠭ ᠲᠠᠷᠬᠠᠭᠠᠪᠠ᠃ ᠡᠨᠡ ᠬᠦ ᠵᠣᠯ ᠵᠢᠷᠭᠠᠯ ᠤᠨ ︽ᠨᠦᠬᠦᠪᠦᠷᠢ︾ ᠮᠠᠨ ᠤ ᠰᠢᠶᠠᠨ ᠤ ᠵᠡᠮᠳᠡᠭᠴᠦᠳ ᠤᠨ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠵᠦ᠂ ᠪᠥᠬᠦ ᠰᠢᠶᠠᠨ ᠤ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠬᠢᠨ ᠢᠶᠠᠷ ᠨᠡᠮᠡᠭᠳᠡᠭᠦᠯᠪᠡ᠃   
 
ᠢᠷᠡᠯᠲᠡ᠄ ᠭᠦᠶᠡᠩ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号