ᠪᠥᠬᠦ ᠰᠢᠶᠠᠨ ᠤ ᠬᠤᠲᠠ ᠲᠣᠭᠤᠷᠢᠭ ᠤᠨ ᠢᠳᠡᠭᠡᠨ ᠤᠮᠳᠠᠭᠠᠨ ᠤ ᠦᠢᠯᠡᠰ ᠤᠨ ᠬᠤᠭᠤᠴᠠᠭ᠎ᠠ ᠬᠢᠵᠠᠭᠠᠷᠯᠠᠨ᠂ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/11/7
    ᠬᠤᠲᠠ ᠶᠢᠨ ᠬᠥᠭᠵᠢᠯᠲᠡ ᠶᠢ ᠳᠠᠭᠠᠯᠳᠤᠨ᠂ ᠢᠳᠡᠭᠡᠨ ᠤᠮᠳᠠᠭᠠᠨ ᠤ ᠦᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠵᠦ ᠪᠠᠶᠢᠨ᠎ᠠ᠃ ᠭᠡᠲᠡᠯ᠎ᠡ ᠢᠳᠡᠭᠡᠨ ᠤᠮᠳᠠᠭᠠᠨ ᠤ ᠦᠢᠯᠡᠰ ᠤᠨ ᠭᠠᠳᠠᠭᠰᠢᠯᠠᠭᠤᠯᠤᠭᠰᠠᠨ ᠤᠲᠤᠭ᠎ᠠ ᠶᠢᠨ ᠪᠣᠬᠢᠷᠲᠤᠯ ᠨᠢᠭᠡᠨᠲᠡ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠬᠦ ᠴᠢᠬᠤᠯᠠ ᠬᠦᠴᠦᠨ ᠵᠦᠢᠯ ᠪᠣᠯᠵᠠᠢ᠃ ᠬᠤᠲᠠ ᠶᠢᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠨᠠᠶᠠᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ︽ᠲᠣᠰᠣᠨ ᠤᠲᠤᠭ᠎ᠠ ᠭᠠᠳᠠᠭᠰᠢᠯᠠᠭᠤᠯᠵᠤ ᠪᠠᠶᠢᠭ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠡᠵᠡᠩᠨᠡᠭᠴᠢ ᠲᠣᠰᠣᠨ ᠤᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ ᠶᠢᠨ ᠬᠠᠮᠲᠤ ᠬᠡᠪ ᠤᠨ ᠶᠣᠰᠣᠭᠠᠷ ᠬᠡᠷᠡᠭᠯᠡᠬᠦ ᠶᠢ ᠪᠠᠲᠤᠯᠠᠬᠤ ᠪᠤᠶᠤ ᠲᠣᠰᠣᠨ ᠤᠲᠤᠭ᠎ᠠ ᠶᠢ ᠴᠡᠪᠡᠷᠰᠢᠭᠦᠯᠬᠦ ᠪᠤᠰᠤᠳ ᠠᠷᠭ᠎ᠠ ᠬᠡᠮᠵᠢᠶ᠎ᠡ ᠠᠪᠴᠤ᠂ ᠲᠣᠰᠣᠨ ᠤᠲᠤᠭ᠎ᠠ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢᠨ ᠬᠠᠮᠲᠤ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠢ︾ ᠭᠡᠵᠡᠢ᠃ ᠰᠤᠳᠤᠯᠬᠤ ᠪᠠᠷ ᠳᠠᠮᠵᠢᠭᠠᠳ᠂ ᠭᠦᠶᠡᠩ ᠰᠢᠶᠠᠨ ᠤ ᠬᠤᠲᠠ ᠲᠣᠭᠤᠷᠢᠭ ᠤᠨ ᠢᠳᠡᠭᠡᠨ ᠤᠮᠳᠠᠭᠠᠨ ᠤ ᠦᠢᠯᠡᠰ ᠤᠨ ᠲᠣᠭᠲᠠᠭᠰᠠᠨ ᠬᠤᠭᠤᠴᠠᠭᠠᠨ ᠳᠤ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠤᠭᠰᠠᠷᠠᠬᠤ ᠴᠠᠭ ᠤᠨ ᠬᠢᠵᠠᠭᠠᠷ     ᠰᠢᠶᠠᠨ ᠤ ᠬᠤᠲᠠ ᠲᠣᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠠᠵᠤ ᠠᠬᠤᠶᠢᠯᠠᠯ ᠵᠢᠴᠢ ᠬᠤᠪᠢ ᠶᠢᠨ ᠳᠡᠯᠭᠡᠭᠦᠷ ᠤᠨ ᠭᠠᠳᠠᠷᠭᠤ ᠶᠢ ᠲᠤᠰ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 5 ᠤ ᠡᠳᠦᠷ ᠪᠣᠯᠲᠠᠯ᠎ᠠ ᠴᠠᠭ ᠲᠤᠬᠠᠢ ᠳᠤᠨᠢ ᠤᠭᠰᠠᠷᠠᠬᠤ ᠶᠢ ᠪᠡᠶᠡᠯᠡᠭᠦᠯᠦᠨ᠎ᠡ᠃     ᠬᠤᠶᠠᠷ᠂ ᠤᠭᠰᠠᠷᠠᠬᠤ ᠬᠦᠷᠢᠶ᠎ᠡ ᠬᠡᠪᠴᠢᠶ᠎ᠡ ᠶᠢ ᠱᠠᠭᠠᠷᠳᠠᠨ᠎ᠠ     ᠰᠢᠶᠠᠨ ᠤ ᠬᠤᠲᠠ ᠲᠣᠭᠤᠷᠢᠭ ᠤᠨ ᠪᠤᠢ ᠪᠦᠬᠦᠢ ᠢᠳᠡᠭᠡᠨ ᠤᠮᠳᠠᠭᠠᠨ ᠤ ᠠᠵᠤ ᠠᠬᠤᠶᠢᠯᠠᠯ ᠵᠢᠴᠢ ᠬᠤᠪᠢ ᠶᠢᠨ ᠳᠡᠯᠭᠡᠭᠦᠷ ᠨᠢ ᠡᠷᠬᠡᠪᠰᠢ ᠱᠠᠭᠠᠷᠳᠠᠯᠭ᠎ᠠ ᠶᠣᠰᠣᠭᠠᠷ ᠲᠣᠰᠣᠨ ᠤᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠵᠤ᠂ ᠴᠡᠪᠡᠷᠰᠢᠭᠦᠯᠬᠦ ᠲᠥᠬᠦᠭᠡᠷᠦᠮᠵᠢ ᠬᠢᠭᠡᠳ ᠬᠤᠯᠠᠩ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ᠂ ᠬᠠᠮᠤᠭ ᠤᠨ ᠰᠠᠶᠢᠨ ᠴᠡᠪᠡᠷᠰᠢᠭᠦᠯᠬᠦ ᠦᠷ᠎ᠡ ᠪᠦᠲᠦᠮᠵᠢ ᠳᠤ ᠬᠦᠷᠭᠡᠬᠦ ᠬᠡᠷᠡᠭᠲᠡᠢ᠃     ᠭᠤᠷᠪᠠ᠂ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠶᠢᠨ ᠶᠠᠰᠤ ᠴᠢᠨᠠᠷ ᠤᠨ ᠱᠠᠭᠠᠷᠳᠠᠯᠭ᠎ᠠ     ᠤᠭᠰᠠᠷᠠᠭᠰᠠᠨ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠨᠢ ᠡᠷᠬᠡᠪᠰᠢ ︽ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠳᠬᠦᠨ ᠤ ᠭᠡᠷᠡᠴᠢᠯᠡᠭᠡ︾ ᠶᠢᠨ ᠦᠨᠡᠮᠯᠡᠯ ︵ᠲᠤᠬᠠᠶᠢᠯᠠᠪᠠᠯ ᠲᠥᠬᠦᠭᠡᠷᠦᠮᠵᠢ ᠨᠢ CCEP ᠲᠡᠮᠳᠡᠭ ᠲᠠᠢ︶ ᠲᠠᠢ ᠪᠠᠶᠢᠵᠤ᠂ ᠳᠣᠣᠷ᠎ᠠ ᠱᠤᠤᠭᠢᠶᠠᠨ ᠲᠠᠢ᠂ ᠥᠨᠳᠥᠷ ᠦᠷ᠎ᠡ ᠪᠦᠲᠦᠮᠵᠢ ᠲᠠᠢ ᠰᠢᠯᠢᠳᠡᠭ ᠦᠢᠯᠡᠳᠬᠦᠨ ᠢ ᠤᠷᠢᠳᠠᠪᠠᠷ ᠰᠣᠩᠭᠤᠨ ᠬᠡᠷᠡᠭᠯᠡᠵᠦ᠂ ᠲᠥᠬᠦᠭᠡᠷᠦᠮᠵᠢ ᠶᠢᠨ ᠴᠢᠳᠠᠮᠵᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠳᠥᠷᠪᠡ᠂ ᠲᠣᠰᠣᠨ ᠤᠲᠤᠭ᠎ᠠ ᠴᠡᠪᠡᠷᠰᠢᠭᠦᠯᠬᠦ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠬᠤ     ᠡᠯ᠎ᠡ ᠢᠳᠡᠭᠡᠨ ᠤᠮᠳᠠᠭᠠᠨ ᠤ ᠨᠢᠭᠡᠴᠡ ᠨᠦᠭᠦᠳ ᠴᠡᠪᠡᠷᠰᠢᠭᠦᠯᠬᠦ ᠲᠥᠬᠦᠭᠡᠷᠦᠮᠵᠢ ᠶᠢᠨ ᠠᠷᠠᠴᠢᠯᠠᠨ ᠬᠠᠮᠠᠭᠠᠯᠠᠬᠤ ᠡᠬᠡ ᠳᠠᠩᠰᠠ ᠶᠢ ᠥᠪᠡᠰᠦᠪᠡᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠥᠬᠦᠭᠡᠷᠦᠮᠵᠢ ᠶᠢ ᠪᠠᠶᠢᠴᠠᠭᠠᠵᠤ᠂ ᠤᠬᠢᠶᠠᠵᠤ ᠴᠡᠪᠡᠷᠯᠡᠬᠦ᠂ ᠰᠡᠯᠪᠢᠨ ᠵᠠᠰᠠᠵᠤ᠂ ᠲᠥᠬᠦᠭᠡᠷᠦᠮᠵᠢ ᠶᠢᠨ ᠤᠷᠲᠤ ᠬᠤᠭᠤᠴᠠᠭᠠᠨ ᠤ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃     ᠲᠠᠪᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠵᠠᠭᠤ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠲᠣᠰᠣᠨ ᠤᠲᠤᠭ᠎ᠠ ᠭᠠᠳᠠᠭᠰᠢᠯᠠᠭᠤᠯᠵᠤ ᠪᠠᠶᠢᠭ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠡᠵᠡᠩᠨᠡᠭᠴᠢ ᠲᠣᠰᠣᠨ ᠤᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠦᠭᠡᠢ᠂ ᠬᠡᠪ ᠤᠨ ᠪᠤᠰᠤ ᠪᠠᠷ ᠬᠡᠷᠡᠭᠯᠡᠭᠰᠡᠨ ᠲᠣᠰᠣᠨ ᠤᠲᠤᠭ᠎ᠠ ᠴᠡᠪᠡᠷᠰᠢᠭᠦᠯᠬᠦ ᠲᠥᠬᠦᠭᠡᠷᠦᠮᠵᠢ ᠪᠤᠶᠤ ᠪᠤᠰᠤᠳ ᠲᠣᠰᠣᠨ ᠤᠲᠤᠭ᠎ᠠ ᠴᠡᠪᠡᠷᠰᠢᠭᠦᠯᠬᠦ ᠠᠷᠭ᠎ᠠ ᠬᠡᠮᠵᠢᠶ᠎ᠡ ᠠᠪᠤᠭᠰᠠᠨ ᠦᠭᠡᠢ᠂ ᠭᠠᠳᠠᠭᠰᠢᠯᠠᠭᠤᠯᠬᠤ ᠪᠠᠷᠢᠮᠵᠢᠶ᠎ᠠ ᠠᠴᠠ ᠬᠡᠲᠦᠷᠡᠭᠰᠡᠨ ᠲᠣᠰᠣᠨ ᠤᠲᠤᠭ᠎ᠠ ᠭᠠᠳᠠᠭᠰᠢᠯᠠᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠨ ᠵᠠᠰᠠᠨ᠎ᠠ︾᠃     ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠬᠤ ᠨᠢ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠪᠠᠰᠠ ᠴᠤ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠴᠢᠬᠤᠯᠠ ᠠᠷᠭ᠎ᠠ ᠪᠠᠷᠢᠯ ᠪᠣᠯᠤᠨ᠎ᠠ᠃ ᠡᠯ᠎ᠡ ᠢᠳᠡᠭᠡᠨ ᠤᠮᠳᠠᠭᠠᠨ ᠤ ᠨᠢᠭᠡᠴᠢ ᠲᠣᠰᠣᠨ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ ᠳᠤ ᠢᠳᠡᠪᠬᠢᠲᠡᠢ ᠣᠷᠣᠯᠴᠠᠵᠤ᠂ ᠳᠡᠮᠵᠢᠬᠦ ᠪᠠ ᠬᠠᠮᠵᠢᠯᠴᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢ ᠴᠢᠩᠭ᠎ᠠ ᠵᠢᠷᠤᠮᠯᠠᠨ᠂ ᠭᠦᠶᠡᠩ ᠬᠤᠲᠠ ᠶᠢᠨ ᠣᠷᠴᠢᠨ ᠲᠣᠭᠤᠷᠢᠨ ᠢ ᠤᠬᠠᠮᠰᠠᠷ ᠠᠴᠠ ᠪᠠᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ᠂ ᠪᠠᠶᠠᠨ ᠴᠢᠨᠡᠭᠡᠯᠢᠭ᠂ ᠵᠣᠯ ᠵᠢᠷᠭᠠᠯ᠂ ᠠᠮᠢᠵᠢᠷᠠᠯ ᠤᠨ ᠬᠦᠴᠦᠨ᠂ ᠡᠶ᠎ᠡ ᠵᠣᠬᠢᠴᠠᠯ ᠲᠠᠢ ᠭᠦᠶᠡᠩ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃     ᠠᠰᠠᠭᠤᠨ ᠯᠠᠪᠯᠠᠬᠤ ᠤᠲᠠᠰᠤ᠄ 0472 - 8116626                                  ᠭᠦᠶᠡᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ                             ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ                                 2024 ᠣᠨ ᠤ 11 ᠰᠠᠷ᠎ᠠ ᠶᠢᠨ 6 ᠤ ᠡᠳᠦᠷ
 
ᠢᠷᠡᠯᠲᠡ᠄ ᠭᠦᠶᠡᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号