ᠲᠦᠮᠡᠨ ᠭᠠᠵᠠᠷ ᠤᠨ ᠠᠶᠠᠨ ᠵᠠᠮ ᠳᠤ ᠲᠥᠪ ᠴᠢᠬᠡᠴᠢ ᠪᠠᠶᠢᠵᠤ᠂ ᠬᠦᠨᠳᠦ ᠡᠭᠦᠷᠭᠡ ᠶᠢ ᠬᠦᠯᠢᠶᠡᠨ ᠠᠪᠤᠪᠠ - ᠰᠢᠶᠠ ᠱᠢ ᠬᠤᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/12/11
    2024 ᠣᠨ ᠤ 12 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠰᠢᠶᠠ ᠱᠢ ᠬᠤᠤ ᠪᠠᠯᠭᠠᠰᠤ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠪᠦᠬᠦ ᠪᠠᠯᠭᠠᠰᠤ ᠶᠢᠨ ᠡᠯ᠎ᠡ ᠠᠵᠢᠯ ᠲᠥᠷᠥᠯ ᠠᠴᠠ ᠢᠷᠡᠭᠰᠡᠨ 45 ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠬᠠᠯᠠᠭᠤᠨ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠠᠷᠠᠳ ᠢ ᠪᠠᠶᠠᠵᠢᠭᠤᠯᠬᠤ ᠰᠠᠶᠢᠨ ᠠᠷᠭ᠎ᠠ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ᠂ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠪᠠ᠃    ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠢᠶᠣᠣ ᠬᠤᠢ ᠼᠦᠩ ᠡᠷᠬᠢᠯᠡᠵᠦ᠂ ᠲᠥᠯᠥᠭᠡᠯᠡᠭᠴᠢ ᠪᠤᠰᠤ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠲᠤᠰ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠤᠰᠤ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ᠂ ᠲᠥᠯᠥᠭᠡᠯᠡᠭᠴᠢ ᠶᠢᠨ ᠪᠤᠰᠤ ᠲᠣᠰᠬᠤᠨ ᠤ ᠱᠦᠵᠢ ᠪᠣᠯᠤᠨ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠪᠠᠯᠭᠠᠰᠤᠨ ᠤ ᠳᠠᠷᠤᠭ᠎ᠠ ᠵᠤᠤ ᠪᠧᠨ ᠨᠥᠬᠦᠷ ᠤᠨ ᠬᠢᠭᠰᠡᠨ ︽ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠰᠣᠨᠣᠰᠤᠭᠰᠠᠨ ᠪᠥᠭᠡᠳ ᠬᠢᠨᠠᠨ ᠵᠥᠪᠯᠡᠵᠦ ᠪᠠᠲᠤᠯᠠᠪᠠ᠃ ᠢᠯᠡᠳᠬᠡᠯ ᠳᠤ 2024 ᠣᠨ ᠤ ᠰᠢᠶᠠ ᠱᠢ ᠬᠤᠤ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠡᠷᠭᠢᠴᠡᠭᠦᠯᠪᠡ᠃ ᠪᠦᠬᠦ ᠪᠠᠯᠭᠠᠰᠤ ᠪᠠᠷ ᠢᠶᠠᠨ ︽ᠠᠵᠤ ᠦᠢᠯᠡᠰ ᠢᠶᠠᠷ ᠪᠠᠯᠭᠠᠰᠤ ᠶᠢ ᠬᠦᠴᠦᠷᠬᠡᠭᠵᠢᠭᠦᠯᠵᠦ᠂ ᠰᠣᠶᠣᠯ ᠢᠶᠠᠷ ᠪᠠᠯᠭᠠᠰᠤ ᠶᠢ ᠮᠠᠨᠳᠤᠭᠤᠯᠬᠤ᠂ ᠠᠮᠢ ᠠᠬᠤᠢ ᠪᠠᠷ ᠪᠠᠯᠭᠠᠰᠤ ᠶᠢ ᠬᠥᠭᠵᠢᠭᠦᠯᠬᠦ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠶᠠ ᠱᠢ ᠬᠤᠤ ᠪᠠᠯᠭᠠᠰᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠯᠬᠤᠮ ᠢ ᠠᠯᠬᠤᠵᠤ᠂ ᠰᠢᠨ᠎ᠡ ᠠᠮᠵᠢᠯᠲᠠ ᠣᠯᠬᠤ ᠶᠢ ᠴᠢᠷᠮᠠᠶᠢᠨ ᠠᠬᠢᠭᠤᠯᠪᠠ᠃ ᠡᠭᠦᠨ ᠤ ᠬᠠᠮᠲᠤ 2025 ᠣᠨ ᠤ ᠶᠡᠷᠦᠩᠬᠡᠢ ᠠᠵᠢᠯ ᠤᠨ ᠱᠠᠭᠠᠷᠳᠠᠯᠭ᠎ᠠ ᠶᠢ ᠪᠣᠳᠣᠯᠬᠢᠯᠠᠨ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ᠂ ᠠᠯᠲᠠᠨ ᠰᠢᠷᠭᠠᠯ ᠠᠵᠤ ᠦᠢᠯᠡᠰ᠂ ᠬᠠᠷ᠎ᠠ ᠭᠠᠵᠠᠷ ᠰᠢᠷᠣᠢ᠂ ᠪᠣᠬᠢᠷᠲᠤᠯ ᠦᠭᠡᠢ ᠪᠣᠯᠣᠳ ᠲᠡᠮᠦᠷ᠂ ᠦᠵᠡᠰᠬᠦᠯᠡᠩᠲᠦ ᠰᠠᠶᠢᠬᠠᠨ ᠰᠣᠶᠣᠯ ᠵᠢᠭᠤᠯᠴᠢᠯᠠᠯ ᠤᠨ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠢᠭᠡᠳᠦᠭᠡᠷ ᠠᠵᠤ ᠦᠢᠯᠡᠰ ᠨᠢ ︽ᠵᠡᠭᠦᠨ ᠬᠤᠨᠴᠢᠷ︾ ᠢᠶᠠᠷ ᠲᠠᠷᠢᠶᠠᠯᠠᠩ ᠢ ᠪᠠᠶᠢᠷᠢᠰᠢᠭᠤᠯᠵᠤ᠂ ᠬᠤᠶᠠᠳᠤᠭᠠᠷ ᠠᠵᠤ ᠦᠢᠯᠡᠰ ᠨᠢ ︽ᠪᠣᠯᠣᠳ ᠲᠡᠮᠦᠷ ᠤᠨ ᠠᠭᠤᠷᠬᠠᠢ︾ ᠳᠤ ᠲᠦᠰᠢᠭᠯᠡᠨ ᠢᠵᠢ ᠪᠦᠷᠢᠳᠦᠭᠦᠯᠬᠦ ᠦᠢᠯᠡᠴᠢᠯᠡᠭᠡᠨ ᠤ ᠦᠢᠯᠡᠰ᠂ ᠭᠤᠷᠪᠠᠳᠤᠭᠠᠷ ᠠᠵᠤ ᠦᠢᠯᠡᠰ ᠨᠢ ︽ᠬᠤᠶᠠᠷ ᠠᠭᠤᠯᠠ ᠨᠢᠭᠡ ᠲᠣᠰᠬᠤᠨ︾ ᠢᠶᠠᠷ ᠰᠣᠶᠣᠯ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠢᠨ ᠳᠡᠭᠡᠷ᠎ᠡ ᠨᠢ ᠬᠥᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃    ᠬᠤᠷᠠᠯ ᠠᠴᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠠᠨ ᠰᠢᠦᠸᠡᠢ ᠹᠧᠩ ᠨᠥᠬᠦᠷ ᠤᠨ ᠬᠢᠭᠰᠡᠨ ︽ᠰᠢᠶᠠ ᠱᠢ ᠬᠤᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ︾ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ ᠪᠠᠲᠤᠯᠠᠪᠠ᠃ ᠢᠯᠡᠳᠬᠡᠯ ᠳᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ 2024 ᠣᠨ ᠳᠤ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠭᠤᠣᠯᠳᠠᠯᠭ᠎ᠠ᠂ ᠵᠠᠰᠠᠭ ᠤᠨ ᠣᠷᠳᠣᠨ ᠤ ᠠᠵᠢᠯ ᠤᠨ ᠬᠦᠴᠢᠷᠳᠡᠯ᠂ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠴᠡᠭ ᠵᠢᠴᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠥᠯᠥᠭᠡᠯᠡᠭᠴᠢᠳ ᠲᠠᠢ ᠨᠢᠭᠲᠠ ᠬᠠᠷᠢᠯᠴᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠰᠢᠶᠠ ᠱᠢ ᠬᠤᠤ ᠪᠠᠯᠭᠠᠰᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠡᠷᠡᠭᠦᠯ ᠡᠶ᠎ᠡ ᠵᠣᠬᠢᠴᠠᠩᠭᠤᠢ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠳᠤᠷᠠᠳᠴᠠᠢ᠃ ᠢᠯᠡᠳᠬᠡᠯ ᠳᠤ ᠪᠠᠰᠠ 2025 ᠣᠨ ᠳᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠥᠨᠢᠷ ᠪᠠᠶᠠᠯᠢᠭ ᠦᠵᠡᠰᠬᠦᠯᠡᠩᠲᠦ ᠰᠠᠶᠢᠬᠠᠨ ᠰᠢᠶᠠ ᠱᠢ ᠬᠤᠤ ᠪᠠᠯᠭᠠᠰᠤᠨ ᠤ ᠴᠢᠨᠠᠷ ᠰᠠᠶᠢᠲᠠᠢ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢ ᠨᠡᠮᠡᠷᠢ ᠦᠵᠡᠭᠦᠯᠦᠨ᠎ᠡ ᠭᠡᠵᠦ ᠳᠤᠷᠠᠳᠪᠠ᠃    ᠡᠭᠦᠨ ᠠᠴᠠ ᠭᠠᠳᠠᠨ᠎ᠠ᠂ ᠬᠤᠷᠠᠯ ᠠᠴᠠ ᠪᠠᠰᠠ ︽ᠰᠢᠶᠠ ᠱᠢ ᠬᠤᠤ ᠪᠠᠯᠭᠠᠰᠤᠨ ᠤ ᠴᠠᠬᠢᠯᠭᠠᠨ ᠬᠠᠩᠭᠠᠬᠤ ᠭᠠᠵᠠᠷ ᠤᠨ ᠲᠤᠰᠢᠶᠠᠯ ᠤᠨ ᠮᠡᠳᠡᠭᠦᠯᠦᠯᠲᠡ ᠶᠢᠨ ᠮᠡᠳᠡᠭᠦᠯᠦᠯᠲᠡ︾᠂ ︽ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠪᠠᠯᠭᠠᠰᠤᠨ ᠳᠤ ᠰᠠᠭᠤᠭ᠎ᠠ ᠥᠷᠲᠡᠭᠡ ᠭᠠᠵᠠᠷ ᠲᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠵᠡᠢ᠃    ᠬᠤᠷᠠᠯ ᠳᠤ ᠣᠷᠣᠯᠴᠠᠭᠰᠠᠨ ᠬᠤᠭᠤᠴᠠᠭᠠᠨ ᠳᠤ᠂ ᠲᠥᠯᠥᠭᠡᠯᠡᠭᠴᠢᠳ ᠨᠢᠭᠡ ᠵᠢᠯ ᠤᠨ ᠲᠤᠷᠰᠢᠬᠢ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠵᠡᠷᠭᠡ ᠪᠦᠬᠦ ᠲᠠᠯ᠎ᠠ ᠪᠠᠷ᠂ ᠣᠯᠠᠨ ᠬᠠᠷᠠᠭᠠᠰᠤ ᠲᠠᠢ ᠰᠣᠯᠢᠯᠴᠠᠨ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃     ᠡᠴᠦᠰ ᠲᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠢᠶᠣᠣ ᠬᠤᠢ ᠼᠦᠩ ᠪᠠᠯᠭᠠᠰᠤᠨ ᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠲᠡᠭᠦᠰ ᠠᠮᠵᠢᠯᠲᠠ ᠣᠯᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠪᠥᠭᠡᠳ ᠭᠤᠷᠪᠠᠨ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠭᠤᠣᠯᠳᠠᠯᠭ᠎ᠠ ᠶᠢ ᠳᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ ᠪᠦᠬᠦ ᠨᠠᠮ ᠤᠨ ᠭᠡᠰᠢᠭᠦᠨ ᠺᠠᠳ᠋ᠷᠴᠤᠳ ᠴᠠᠭ ᠢᠮᠠᠭᠲᠠ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠠᠴᠠ ᠭᠦᠨᠵᠡᠭᠡᠢ ᠰᠤᠷᠭᠠᠮᠵᠢ ᠠᠪᠴᠤ᠂ ᠲᠤᠤᠱᠯᠠᠭᠤᠯᠤᠨ ᠬᠡᠷᠡᠭᠵᠢᠭᠦᠯᠬᠦ ᠶᠠᠪᠤᠴᠠ ᠳᠠᠬᠢ ᠳᠤᠯᠠᠭᠠᠨ ᠤ ᠵᠥᠷᠢᠶ᠎ᠡ᠂ ᠬᠡᠯᠪᠡᠷᠢᠯ ᠤᠨ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠵᠤ᠂ ᠰᠢᠶᠠᠨ ᠤ ᠨᠠᠮ ᠤᠨ ᠬᠤᠷᠢᠶ᠎ᠡ ᠵᠠᠰᠠᠭ ᠤᠨ ᠣᠷᠳᠣᠨ ᠤ ᠲᠣᠬᠢᠷᠠᠭᠤᠯᠤᠯᠲᠠ ᠲᠠᠢ ᠪᠣᠯ ᠪᠢᠳᠡ ᠳᠠᠷᠤᠢ ᠠᠵᠢᠯᠯᠠᠭ᠎ᠠ ᠲᠠᠢ ᠪᠠᠶᠢᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠨᠡᠪᠲᠡᠷᠡᠬᠦ᠂ ᠲᠤᠭᠤᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ︽ᠬᠤᠷᠳᠤᠴᠠ ᠶᠢ ᠲᠦᠷᠭᠡᠳᠬᠡᠬᠦ︾᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠬᠤ᠂ ᠠᠵᠤ ᠦᠢᠯᠡᠰ ᠤᠨ ᠬᠥᠭᠵᠢᠯᠲᠡ ᠶᠢᠨ ︽ᠰᠢᠨ᠎ᠡ ᠤᠷᠤᠯᠳᠤᠭᠠᠨ ᠤ ᠵᠠᠮ︾ ᠢ ᠵᠠᠪᠳᠤᠨ ᠡᠵᠡᠯᠡᠬᠦ᠂ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠦᠷᠢᠮ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ᠂ ᠣᠶᠤᠨ ᠴᠢᠳᠠᠯ ᠢᠶᠠᠨ ᠲᠥᠪᠯᠡᠷᠡᠭᠦᠯᠦᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡᠬᠦ ᠭᠤᠣᠯ ᠠᠵᠢᠯ ᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠪᠡᠶ᠎ᠡ ᠶᠢᠨ ᠠᠵᠢᠯ ᠢᠶᠠᠨ ᠪᠦᠬᠦ ᠪᠠᠯᠭᠠᠰᠤᠨ ᠤ ᠬᠥᠭᠵᠢᠯᠲᠡ ᠶᠢᠨ ᠶᠡᠭᠡ ᠲᠠᠯ᠎ᠠ ᠲᠠᠢ ᠠᠭᠤᠰᠤᠯᠴᠠᠭᠤᠯᠵᠤ᠂ ᠨᠠᠮ ᠵᠠᠰᠠᠭ ᠤᠨ ᠭᠤᠣᠯ ᠠᠵᠢᠯ ᠲᠠᠢ ᠤᠶᠠᠯᠳᠤᠭᠤᠯᠵᠤ᠂ ᠨᠡᠩ ᠣᠯᠠᠨ ᠴᠢᠭᠢᠭᠯᠢᠭ ᠰᠤᠪᠠᠭ ᠤᠨ ᠬᠡᠪ ᠳᠠᠭᠤᠷᠢᠶᠠᠯ ᠢ ᠪᠣᠢ ᠪᠣᠯᠭᠠᠵᠤ᠂ ᠳᠣᠣᠷᠠᠬᠢ ᠴᠢᠭᠢᠭᠯᠢᠭ ᠬᠡᠷᠡᠮ ᠤᠨ ᠵᠠᠭᠪᠤᠷ ᠢ ᠪᠣᠢ ᠪᠣᠯᠭᠠᠵᠤ᠂ ᠨᠤᠭᠤ ᠭᠠᠵᠠᠷ ᠤᠨ ᠲᠦᠷᠦᠯ ᠲᠡᠮᠳᠡᠭ ᠢ ᠠᠯᠳᠠᠷᠰᠢᠭᠤᠯᠬᠤ ᠬᠡᠷᠡᠭᠲᠡᠢ᠃ ᠭᠤᠷᠪᠠ ᠳᠤ᠂ ᠤᠭ ᠰᠠᠨᠠᠭ᠎ᠠ ᠪᠠᠨ ᠡᠭᠦᠷᠢᠳᠡ ᠪᠠᠲᠤᠯᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠬᠤ ᠠᠵᠢᠯ ᠪᠠ ︽ᠭᠤᠷᠪᠠ ᠶᠢ ᠰᠤᠷᠪᠤᠯᠵᠢᠯᠠᠬᠤ ᠭᠤᠷᠪᠠᠨ ᠠᠵᠢᠯᠲᠠᠨ ᠭᠤᠷᠪᠠᠨ ᠬᠡᠯᠪᠡᠷᠢ︾ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ ᠤᠰᠤ ᠬᠡᠷᠡᠭᠯᠡᠬᠦ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠥᠨᠢᠷ ᠪᠠᠶᠠᠯᠢᠭ ᠦᠵᠡᠰᠬᠦᠯᠡᠩᠲᠦ ᠰᠠᠶᠢᠬᠠᠨ ᠭᠡᠷ ᠪᠠᠶᠢᠰᠢᠩ ᠪᠠᠯᠭᠠᠰᠤᠨ ᠤ ᠰᠠᠶᠢᠨ ᠰᠠᠶᠢᠬᠠᠨ ᠵᠢᠷᠤᠭ ᠲᠥᠰᠦᠪ ᠢ ᠲᠦᠷᠭᠡᠨ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠪᠡ︕ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号