ᠡᠨᠡ ᠤᠳᠠᠭ᠎ᠠ ᠶᠢᠨ 122 ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠲᠣᠩ ᠬᠦᠭᠵᠢᠶᠡᠨᠳᠡᠢ ᠶᠠᠪᠤᠭᠳᠠᠯ᠎ᠠ
ᠨᠡᠶᠢᠲᠡᠯᠡᠭᠰᠡᠨ ᠴᠠᠭ᠄
2024/12/11
    12 ᠰᠠᠷ᠎ᠠ ᠶᠢᠨ 2 ᠤᠨ ᠡᠳᠦᠷ᠂ ᠭᠦᠶᠡᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠪᠤᠭᠤᠲᠤ ᠶᠢᠨ ᠵᠠᠮ ᠤᠨ ᠶᠠᠪᠤᠳᠠᠯ ᠤᠨ ᠰᠠᠯᠪᠤᠷᠢ ᠠᠩᠭᠢ ᠶᠢᠨ ᠬᠤᠶᠢᠲᠤ ᠨᠢᠭᠡᠳᠦᠭᠡᠷ ᠶᠡᠭᠡ ᠠᠩᠭᠢ ᠶᠢ ᠳᠠᠭᠠᠭᠠᠴᠢᠯᠠᠵᠤ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠪ ᠂ ᠠᠮᠧᠷᠢᠺᠠ ᠶᠢᠨ ᠪᠦᠯᠬᠦᠮ ᠤᠨ ᠭᠠᠳᠠᠭᠰᠢ ᠬᠤᠳᠠᠯᠳᠤᠬᠤ ᠮᠣᠷᠢᠲᠤ ᠴᠡᠷᠢᠭ᠂ ᠰᠣᠶᠣᠯ ᠵᠠᠮ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠵᠢᠴᠢ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠲᠠᠢ ᠬᠠᠮᠲᠤᠷᠠᠨ᠂ ᠥᠷᠭᠡᠨ ᠣᠯᠠᠨ ᠠᠭᠤᠳᠠᠮ ᠲᠠᠯᠠᠪᠠᠢ ᠳᠤ ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠡᠷᠬᠢᠯᠡᠪᠡ᠃    ᠲᠤᠰ ᠤᠳᠠᠭᠠᠨ ᠤ ᠠᠵᠢᠯᠯᠠᠭ᠎ᠠ ᠨᠢ ︽ᠪᠣᠯᠪᠠᠰᠤᠨ ᠵᠠᠮ ᠬᠠᠷᠢᠯᠴᠠᠭ᠎ᠠ ᠭᠠᠷ ᠬᠤᠯᠪᠣᠨ ᠬᠠᠮᠲᠤ ᠪᠠᠷ ᠡᠭᠦᠳᠬᠦ︾ ᠪᠠᠷ ᠭᠤᠣᠯ ᠰᠡᠳᠦᠪ ᠪᠣᠯᠭᠠᠵᠤ᠂ ᠠᠷᠠᠳ ᠤᠨ ᠴᠠᠭᠳᠠᠭ᠎ᠠ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠭᠤᠣᠯ ᠰᠡᠳᠦᠪᠲᠦ ᠬᠥᠨᠳᠡᠯᠡᠨ ᠪᠢᠴᠢᠭᠡᠰᠦ ᠡᠯᠭᠦᠬᠦ᠂ ᠲᠤᠬᠠᠢ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠵᠢᠴᠢ 122 ᠭᠤᠣᠯ ᠰᠡᠳᠦᠪᠲᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠪᠠ ᠰᠤᠷᠤᠭᠴᠢᠳ ᠲᠤ ᠬᠠᠨᠳᠤᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠰᠣᠭᠲᠣᠭᠤ ᠪᠠᠷ ᠲᠡᠷᠭᠡ ᠵᠢᠯᠣᠭᠤᠳᠬᠤ᠂ ᠬᠠᠤᠯᠢ ᠠᠴᠠ ᠵᠥᠷᠢᠴᠡᠨ ᠬᠥᠮᠦᠨ ᠲᠡᠭᠡᠭᠡᠪᠦᠷᠢᠯᠡᠬᠦ᠂ ᠫᠠᠶᠢᠰᠠ ᠦᠨᠡᠮᠯᠡᠯ ᠳᠤ ᠬᠤᠯᠪᠣᠭᠳᠠᠬᠤ᠂ ᠬᠥᠮᠦᠨ ᠤ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠶᠠᠳᠠᠷᠠᠯᠲᠠᠢ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠣᠷ ᠬᠥᠨᠥᠭᠡᠯ ᠢ ᠲᠣᠳᠣᠷᠬᠠᠶᠢᠯᠠᠨ ᠥᠭᠦᠯᠡᠵᠦ᠂ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠪᠠᠷ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠳᠤ ᠣᠯᠠᠨ ᠲᠦᠮᠡᠨ ᠤ ᠠᠩᠬᠠᠷᠴᠤ ᠪᠠᠶᠢᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠪᠠ ᠳᠦᠷᠢᠮ ᠤᠨ ᠤᠬᠠᠮᠰᠠᠷ ᠢ ᠪᠣᠢ ᠪᠣᠯᠭᠠᠪᠠ     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠢᠯᠣᠭᠤᠴᠢ ᠳᠤ ᠰᠦᠢᠳᠬᠡᠯ ᠬᠤᠷᠢᠶᠠᠬᠤ ᠦᠭᠡᠢ ᠪᠠᠷ ᠳᠤᠭᠤᠯᠠᠭ᠎ᠠ ᠬᠦᠷᠭᠡᠵᠦ᠂ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠳᠤᠭᠤᠢ ᠤᠨᠤᠭᠰᠠᠨ ᠬᠥᠮᠦᠰ ᠴᠥᠮ ᠠᠮᠤᠷ ᠲᠦᠪᠰᠢᠨ ᠤ ᠮᠠᠯᠠᠭᠠᠢ ᠪᠠᠨ ᠰᠠᠶᠢᠲᠤᠷ ᠵᠡᠭᠦᠬᠦ ᠶᠢ ᠰᠠᠨᠠᠭᠠᠴᠢᠯᠠᠵᠤ᠂ ︽ᠪᠣᠯᠪᠠᠰᠤᠨ ᠵᠠᠮ ᠬᠠᠷᠢᠯᠴᠠᠭ᠎ᠠ ᠭᠠᠷ ᠬᠤᠯᠪᠣᠨ ᠬᠠᠮᠲᠤ ᠪᠠᠷ ᠡᠭᠦᠳᠬᠦ︾ ᠣᠶᠢᠯᠠᠭᠠᠭᠳᠠᠬᠤᠨ ᠢ ᠭᠡᠷ ᠤᠨ ᠬᠥᠮᠦᠰ ᠲᠡᠭᠡᠨ ᠳᠠᠮᠵᠢᠭᠤᠯᠵᠤ᠂ ︽ᠪᠣᠯᠪᠠᠰᠤᠨ ᠵᠠᠮ ᠬᠠᠷᠢᠯᠴᠠᠭ᠎ᠠ ᠭᠠᠷ ᠬᠤᠯᠪᠣᠨ ᠬᠠᠮᠲᠤ ᠪᠠᠷ ᠡᠭᠦᠳᠬᠦ︾ ᠶᠢ ᠪᠣᠯᠪᠠᠰᠤᠨ ᠢᠶᠠᠷ ᠶᠠᠪᠤᠵᠤ ᠰᠠᠭᠤᠬᠤ ᠰᠢᠨ᠎ᠡ ᠬᠡᠪ ᠰᠤᠷᠲᠠᠯ ᠪᠣᠯᠭᠠᠬᠤ ᠬᠡᠷᠡᠭᠲᠡᠢ᠃    ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 150 ᠭᠠᠷᠤᠢ ᠬᠥᠮᠦᠨ ᠣᠷᠣᠯᠴᠠᠵᠤ᠂ ᠲᠤᠬᠠᠢ ᠶᠢᠨ ᠲᠠᠯᠠᠪᠠᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠢ ᠬᠤᠪᠢ ᠲᠠᠷᠬᠠᠭᠠᠵᠤ᠂ 30 ᠠᠮᠤᠷ ᠲᠦᠪᠰᠢᠨ ᠤ ᠳᠤᠭᠤᠯᠠᠭ᠎ᠠ ᠪᠡᠯᠡᠭᠯᠡᠪᠡ᠃ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠪᠣᠯᠪᠠᠰᠤᠨ ᠢᠶᠠᠷ ᠶᠠᠪᠤᠵᠤ ᠰᠠᠭᠤᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠡᠶ᠎ᠡ ᠵᠣᠬᠢᠴᠠᠯ ᠲᠠᠢ ᠪᠣᠯᠪᠠᠰᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号