ᠪᠦᠬᠦ ᠤᠯᠤᠰ ᠤᠨ ᠨᠢᠭᠡᠳᠦᠭᠡᠷ ᠳᠡᠰ ᠤᠨ ᠱᠠᠩᠨᠠᠯ︕ ᠰᠦᠨ ᠮᠦᠸᠧ ᠵᠢᠶᠦ᠋ᠨ ᠬᠠᠮᠲᠤ ᠰᠤᠷᠤᠯᠭᠠᠲᠠᠨ ᠳᠠᠭᠠᠨ ᠪᠠᠶᠠᠷ ᠬᠦᠷᠭᠡᠶ᠎ᠡ︕
ᠨᠡᠶᠢᠲᠡᠯᠡᠭᠰᠡᠨ ᠴᠠᠭ᠄
2024/12/11
    ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠪᠣᠯᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠵᠤ ᠤᠷᠲᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ᠭᠤᠣᠯᠯᠠᠨ ᠡᠷᠬᠢᠯᠡᠵᠦ᠂ ᠪᠡᠭᠡᠵᠢᠩ ᠤᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠰᠤᠷᠭᠠᠨ ᠬᠥᠮᠦᠵᠢᠯ ᠤᠨ ᠲᠥᠪ ᠠᠴᠠ ᠳᠠᠭᠠᠭᠠᠴᠢᠯᠠᠨ ᠡᠷᠬᠢᠯᠡᠭᠰᠡᠨ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠠᠵᠢᠯᠯᠠᠭ᠎ᠠ ᠶᠢᠨ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ 11 ᠰᠠᠷ᠎ᠠ ᠶᠢᠨ 27 ᠤ ᠡᠳᠦᠷ ᠵᠢᠩᠬᠢᠨᠢ ᠪᠠᠷ ᠡᠬᠢᠯᠡᠪᠡ᠃    11 ᠰᠠᠷ᠎ᠠ ᠶᠢᠨ 27 ᠤ ᠡᠳᠦᠷ ᠠᠴᠠ 12 ᠰᠠᠷ᠎ᠠ ᠶᠢᠨ 2 ᠤᠨ ᠡᠳᠦᠷ ᠪᠣᠯᠲᠠᠯ᠎ᠠ᠂ ᠪᠦᠬᠦ ᠤᠯᠤᠰ ᠤᠨ 31 ᠮᠤᠵᠢ ︵ᠣᠷᠣᠨ᠂ ᠬᠤᠲᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠣᠯᠤᠨ ᠰᠢᠶᠠᠩᠭᠠᠩ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠷᠤᠯᠳᠤᠭᠠᠨ ᠳᠤ ᠣᠷᠣᠯᠴᠠᠭᠰᠠᠳ ᠪᠡᠭᠡᠵᠢᠩ ᠳᠤ ᠴᠤᠭᠯᠠᠷᠠᠵᠤ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠰᠤᠷᠤᠭᠴᠢᠳ ᠤᠨ ᠬᠠᠤᠯᠢ ᠪᠠᠷ ᠵᠠᠰᠠᠬᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠬᠤ︾ ᠠᠵᠢᠯᠯᠠᠭ᠎ᠠ ᠶᠢᠨ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠯᠴᠠᠪᠠ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠭᠦᠶᠡᠩ ᠬᠤᠶᠠᠳᠤᠭᠠᠷ ᠳᠤᠮᠳᠠᠳᠤ ᠰᠤᠷᠭᠠᠭᠤᠯᠢ ᠠᠴᠠ ᠢᠷᠡᠭᠰᠡᠨ ᠰᠦᠨ ᠮᠦᠸᠧ ᠵᠢᠶᠦ᠋ᠨ ᠪᠦᠬᠦ ᠤᠯᠤᠰ ᠤᠨ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠰᠢᠶᠠᠩᠭᠠᠩ᠂ ᠣᠣᠮᠧᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠢᠯᠢᠳᠡᠭ ᠰᠤᠷᠤᠭᠴᠢᠳ ᠤᠨ ᠳᠣᠲᠣᠷ᠎ᠠ ᠠᠴᠠ ᠴᠣᠯᠭᠤᠷᠠᠨ ᠭᠠᠷᠴᠤ᠂ ᠠᠩᠬ᠎ᠠ ᠳᠤᠮᠳᠠᠳᠤ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠬᠦᠷᠲᠡᠵᠡᠢ᠃ ᠡᠨᠡ ᠪᠣᠯ ᠮᠥᠨ ᠴᠦ ᠲᠤᠰ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠠᠵᠢᠯᠯᠠᠭ᠎ᠠ ᠶᠢᠨ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠤ ᠬᠠᠮᠤᠭ ᠤᠨ ᠰᠠᠶᠢᠨ ᠬᠢᠷᠢ ᠪᠦᠲᠦᠮᠵᠢ ᠪᠣᠯᠤᠨ᠎ᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号