ᠭᠦᠶᠡᠩ ᠰᠢᠶᠠᠨ᠄ ᠡᠷᠴᠢ ᠵᠣᠷᠢᠭ ᠢᠶᠠᠨ ᠬᠥᠪᠴᠢᠯᠡᠵᠦ᠂ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠲᠡᠷᠢᠭᠦᠨ ᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2024/12/11
    ᠪᠦᠬᠦ ᠬᠤᠲᠠ ᠪᠠᠷ ᠢᠶᠠᠨ ︽ᠲᠠᠶᠢᠯᠤᠮᠵᠢ ᠶᠢᠨ ᠰᠡᠳᠬᠢᠬᠦᠢ ᠶᠢ ᠪᠣᠢ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠭᠦᠶᠡᠩ ᠰᠢᠶᠠᠨ ᠦᠳᠲᠡᠷ ᠲᠦᠷᠭᠡᠨ ᠳᠠᠭᠠᠵᠤ᠂ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠲᠤᠰ ᠤᠳᠠᠭᠠᠨ ᠤ ᠲᠤᠰᠬᠠᠢ ᠰᠡᠳᠦᠪᠲᠦ ᠠᠵᠢᠯᠯᠠᠭ᠎ᠠ ᠨᠢ ᠪᠥᠬᠦ ᠰᠢᠶᠠᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠲᠤᠰᠬᠠᠢ ᠰᠡᠳᠦᠪᠲᠦ ᠠᠵᠢᠯᠯᠠᠭ᠎ᠠ ᠶᠢᠨ ᠨᠣᠮ ᠤᠩᠰᠢᠬᠤ ᠠᠩᠭᠢ᠂ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠲᠥᠪᠯᠡᠷᠡᠭᠦᠯᠦᠨ ᠰᠤᠷᠤᠯᠴᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠢ ᠤᠷᠢᠵᠤ ᠲᠤᠰᠬᠠᠢ ᠰᠡᠳᠦᠪ ᠢᠶᠠᠷ ᠬᠢᠴᠢᠶᠡᠯᠯᠡᠭᠦᠯᠵᠦ᠂ ᠪᠥᠬᠦ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠠᠰᠠᠭᠤᠯᠲᠠ ᠶᠢᠨ ᠪᠠᠶᠢᠳᠠᠯ ᠢ ᠠᠰᠠᠭᠤᠵᠤ᠂ ᠤᠳᠤᠷᠢᠳᠬᠤ ᠺᠠᠳ᠋ᠷᠴᠤᠳ ᠤᠨ ᠠᠰᠠᠭᠤᠳᠠᠯ ᠢ ᠭᠦᠨᠵᠡᠭᠡᠢ ᠰᠤᠳᠤᠯᠬᠤ ᠴᠢᠳᠠᠪᠤᠷᠢ ᠪᠠ ᠠᠵᠢᠯ ᠬᠢᠵᠦ ᠪᠦᠲᠦᠭᠡᠬᠦ ᠴᠢᠳᠠᠪᠤᠷᠢ ᠶᠢ ᠦᠨᠡᠨ ᠬᠦ ᠴᠢᠩᠭᠠᠳᠬᠠᠪᠠ᠃    ᠡᠯ᠎ᠡ ᠱᠠᠲᠤᠨ ᠤ ᠺᠠᠳ᠋ᠷ ᠬᠢᠵᠠᠭᠠᠷᠲᠤ ᠴᠠᠭ ᠢ ᠠᠮᠵᠢᠨ ᠠᠳᠬᠤᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠠᠮᠵᠢᠯᠲᠠ ᠪᠦᠲᠦᠮᠵᠢ ᠭᠠᠷᠭᠠᠵᠤ᠂ 30 ᠰᠢᠶᠠᠨ ᠭᠠᠵᠠᠷ ᠤᠨ ᠳᠡᠰ ᠤᠨ ᠺᠠᠳ᠋ᠷ 50 ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠪᠠ︔ 560 ᠰᠠᠯᠠᠭᠠᠨ ᠳᠡᠰ ᠤᠨ ᠺᠠᠳ᠋ᠷ ᠲᠤ ︽ᠬᠥᠷᠥᠭ ᠵᠢᠷᠤᠵᠤ︾᠂ ᠬᠥᠮᠦᠨ ᠤ ᠠᠵᠢᠯ ᠤᠨ ᠪᠠᠶᠢᠷᠢ ᠶᠢ ᠳᠡᠭᠡᠳᠦ ᠬᠡᠮᠵᠢᠶ᠎ᠡ ᠪᠠᠷ ᠲᠤᠬᠢᠷᠠᠭᠤᠯᠬᠤ᠂ ᠺᠠᠳ᠋ᠷ ᠤᠨ ᠴᠢᠳᠠᠪᠤᠷᠢ ᠰᠤᠷᠲᠠᠯ ᠢ ᠲᠠᠬᠢᠨ ᠬᠥᠪᠴᠢᠯᠡᠬᠦ ᠶᠢ ᠪᠡᠶᠡᠯᠡᠭᠦᠯᠪᠡ︔ ︽ᠲᠠᠪᠤᠨ ᠨᠢᠭᠡ ᠪᠦᠯᠦᠭ︾ ᠢᠶᠠᠷ 1.6 ᠲᠦᠮᠡᠨ ᠡᠷᠦᠬᠡ ᠶᠢᠨ ᠥᠮᠴᠢᠯᠡᠬᠦ ᠡᠷᠬᠡ ᠶᠢᠨ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠶᠡᠷᠦᠩᠬᠡᠶᠢᠯᠡᠨ ᠵᠠᠰᠠᠬᠤ ᠲᠥᠪ ᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ 21 ᠰᠠᠯᠠᠭ᠎ᠠ ᠮᠥᠴᠢᠷ ᠢ ︽ᠨᠢᠭᠡ ᠯᠡ ᠥᠷᠲᠡᠭᠡᠨ ᠤ ᠮᠠᠶ᠋ᠢᠭ ᠢᠶᠠᠷ ᠬᠦᠯᠢᠶᠡᠨ ᠠᠪᠴᠤ ᠰᠢᠢᠳᠪᠦᠷᠢᠯᠡᠵᠦ︾᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠪᠡ︔ ︽ᠲᠠᠶᠢᠯᠬᠤ ᠰᠡᠳᠬᠢᠬᠦᠢ︾ ᠪᠠᠷ ᠰᠤᠷᠭᠠᠨ ᠬᠥᠮᠦᠵᠢᠯ ᠤᠨ ᠠᠵᠢᠯ ᠲᠥᠷᠥᠯ ᠤᠨ ᠴᠢᠳᠠᠪᠤᠷᠢᠲᠠᠨ ᠢ ᠲᠠᠲᠠᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠷᠳᠡᠨᠢ ᠭᠤᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃    ᠭᠦᠶᠡᠩ ᠰᠢᠶᠠᠨ ︽ᠰᠡᠳᠬᠢᠬᠦᠢ ᠶᠢ ᠲᠠᠶᠢᠯᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠨᠠᠮ ᠤᠨ ᠪᠠᠶᠢᠭᠤᠯᠤᠯᠲᠠ ᠶᠢ ᠠᠳᠬᠤᠬᠤ ᠴᠢᠬᠤᠯᠠ ᠠᠴᠢᠶᠠᠯᠠᠪᠤᠷᠢ ᠪᠣᠯᠭᠠᠵᠤ᠂ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠨᠡ ᠵᠢᠯ ᠤᠨ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠵᠦ᠂ 2025 ᠣᠨ ᠤ ᠡᠯ᠎ᠡ ᠵᠦᠢᠯ ᠤᠨ ᠠᠵᠢᠯ ᠢ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠲᠦᠮᠡᠨ ᠶᠠᠪᠤᠳᠠᠯ ᠢ ᠬᠠᠷᠢᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ᠂ ᠨᠢᠭᠲᠠ ᠠᠴᠠ ᠨᠢᠭᠲᠠ ᠠᠵᠢᠯ ᠤᠨ ᠪᠠᠷᠢᠮᠵᠢᠶ᠎ᠠ ᠪᠠᠷ ᠡᠷᠴᠢ ᠵᠣᠷᠢᠭ ᠢᠶᠠᠨ ᠬᠥᠪᠴᠢᠯᠡᠵᠦ᠂ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠪᠥᠬᠦ ᠰᠢᠶᠠᠨ ᠤ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠦᠢᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号