ᠭᠦᠶᠡᠩ ᠰᠢᠶᠠᠨ ᠤ ᠬᠤᠨᠴᠢᠷ ᠤᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠷᠤᠭᠰᠢᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/12/11
    12 ᠰᠠᠷ᠎ᠠ ᠶᠢᠨ 6 ᠤ ᠡᠳᠦᠷ᠂ ᠭᠦᠶᠡᠩ ᠰᠢᠶᠠᠨ ᠤ ᠬᠤᠨᠴᠢᠷ ᠤᠨ ᠨᠡᠶᠢᠭᠡᠮᠯᠢᠭ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠤᠶᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠡᠬᠢᠯᠡᠭᠦᠯᠪᠡ᠃ ᠰᠢᠶᠠᠨ ᠤ ᠤᠳᠤᠷᠢᠳᠤᠯᠭ᠎ᠠ ᠭᠤᠤ ᠵᠢᠶᠦ᠋ᠨ᠂ ᠸᠠᠩ ᠰᠢᠩ ᠬᠤᠩ᠂ ᠾᠧᠦ ᠵᠢᠶᠦ᠋ᠨ᠂ ᠵᠠᠩ ᠬᠠᠢ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠣᠯᠤᠨ ᠬᠤᠨᠴᠢᠷ ᠨᠡᠶᠢᠭᠡᠮᠯᠢᠭ ᠤᠨ ᠭᠡᠰᠢᠭᠦᠳ ᠬᠤᠷᠠᠯ ᠳᠤ ᠣᠷᠣᠯᠴᠠᠪᠠ᠃    ᠶᠡᠭᠡ ᠬᠤᠷᠠᠯ ᠡᠬᠢᠯᠡᠬᠦ ᠠᠴᠠ ᠡᠮᠦᠨ᠎ᠡ᠂ ᠳᠦᠷᠢᠮ ᠢ ᠴᠢᠩᠭ᠎ᠠ ᠵᠢᠷᠤᠮᠯᠠᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠠᠪᠤᠴᠠ ᠶᠢ ᠪᠡᠶᠡᠯᠡᠭᠦᠯᠵᠦ᠂ ᠰᠢᠨ᠎ᠡ ᠨᠢᠭᠡ ᠬᠤᠭᠤᠴᠠᠭᠠᠨ ᠤ ᠭᠦᠶᠡᠩ ᠰᠢᠶᠠᠨ ᠤ ᠬᠤᠨᠴᠢᠷ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠰᠣᠩᠭᠤᠨ ᠭᠠᠷᠭᠠᠪᠠ᠃ ᠰᠢᠨ᠎ᠡ ᠪᠠᠷ ᠰᠣᠩᠭᠤᠭᠳᠠᠭᠰᠠᠨ ᠭᠦᠶᠡᠩ ᠰᠢᠶᠠᠨ ᠤ ᠬᠤᠨᠴᠢᠷ ᠤᠨ ᠨᠡᠶᠢᠭᠡᠮᠯᠢᠭ ᠤᠨ ᠳᠠᠷᠤᠭ᠎ᠠ ᠨᠢᠦ ᠵᠢᠶᠦ᠋ᠨ ᠯᠢ ᠭᠦᠶᠡᠩ ᠰᠢᠶᠠᠨ ᠤ ᠬᠤᠨᠴᠢᠷ ᠤᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ᠂ ᠴᠢᠭᠯᠡᠯ ᠪᠠ ᠬᠤᠶᠢᠰᠢᠳᠠ ᠶᠢᠨ ᠬᠥᠭᠵᠢᠯᠲᠡ ᠶᠢᠨ ᠰᠡᠳᠬᠢᠮᠵᠢ ᠶᠢᠨ ᠲᠤᠬᠠᠢ ᠣᠪᠣᠷ ᠢᠶᠠᠨ ᠢᠯᠡᠳᠬᠡᠬᠦ ᠦᠭᠡ ᠬᠡᠯᠡᠵᠦ᠂ ᠲᠤᠰ ᠤᠳᠠᠭᠠᠨ ᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠭᠦᠶᠡᠩ ᠰᠢᠶᠠᠨ ᠤ ᠬᠤᠨᠴᠢᠷ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠬᠦᠴᠦᠷᠬᠡᠭᠵᠢᠭᠦᠯᠬᠦ ᠶᠢ ᠬᠦᠰᠡᠵᠦ ᠪᠠᠶᠢᠨ᠎ᠠ ᠭᠡᠪᠡ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠤᠤ ᠵᠢᠶᠦ᠋ᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠭᠦᠶᠡᠩ ᠰᠢᠶᠠᠨ ᠤ ᠬᠤᠨᠴᠢᠷ ᠤᠨ ᠨᠡᠶᠢᠭᠡᠮᠯᠢᠭ ᠤᠨ ᠳᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠬᠦᠰᠡᠯ ᠳᠤᠷᠠᠳᠪᠠ᠃ ᠨᠢᠭᠡ ᠳᠤ᠂ ᠠᠵᠢᠯ ᠲᠥᠷᠥᠯ ᠤᠨ ᠰᠤᠳᠤᠯᠭᠠᠨ ᠢ ᠴᠢᠩᠭᠠᠳᠬᠠᠵᠤ᠂ ᠮᠠᠨ ᠤ ᠰᠢᠶᠠᠨ ᠤ ᠬᠤᠨᠴᠢᠷ ᠤᠨ ᠠᠵᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠳᠤ ᠴᠢᠭᠯᠡᠭᠦᠯᠦᠨ᠂ ᠲᠡᠷᠢᠭᠦᠨ ᠤ ᠭᠠᠵᠠᠷ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ ᠠᠵᠢᠯ ᠲᠥᠷᠥᠯ ᠤᠨ ᠨᠡᠶᠢᠭᠡᠮᠯᠢᠭ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠶᠢ ᠰᠠᠶᠢᠲᠤᠷ ᠬᠢᠵᠦ᠂ ᠦᠷ᠎ᠡ ᠪᠤᠶᠢᠵᠢᠭᠤᠯᠬᠤ ᠮᠡᠷᠭᠡᠵᠢᠯ᠂ ᠪᠠᠷᠢᠮᠵᠢᠶᠠᠵᠢᠭᠤᠯᠤᠨ ᠲᠠᠷᠢᠬᠤ᠂ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠲᠠᠷᠢᠮᠠᠯ ᠢ ᠵᠢᠷᠤᠮᠵᠢᠭᠤᠯᠬᠤ᠂ ᠶᠠᠰᠤ ᠴᠢᠨᠠᠷ ᠢ ᠳᠡᠰ ᠳᠡᠪᠰᠢᠭᠦᠯᠬᠦ᠂ ᠳᠠᠭᠠᠭᠤᠯᠤᠭᠴᠢ ᠶᠢ ᠣᠷᠣᠭᠤᠯᠤᠨ ᠠᠪᠴᠢᠷᠠᠬᠤ᠂ ᠠᠵᠤ ᠦᠢᠯᠡᠰ ᠢ ᠪᠠᠬᠢᠵᠢᠭᠦᠯᠬᠦ ᠳᠡᠭᠡᠷ᠎ᠡ ᠬᠦᠴᠦ ᠲᠠᠯᠪᠢᠵᠤ᠂ ᠬᠤᠨᠴᠢᠷ ᠤᠨ ᠠᠵᠤ ᠦᠢᠯᠡᠰ ᠢ ᠬᠦᠴᠦᠷᠬᠡᠭᠵᠢᠭᠦᠯᠬᠦ᠂ ᠪᠤᠵᠠᠭᠠᠶᠢᠷᠠᠭᠤᠯᠬᠤ᠂ ᠨᠠᠷᠢᠯᠢᠭ ᠬᠢᠬᠦ ᠶᠢ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠢ ᠪᠠᠶᠠᠵᠢᠭᠤᠯᠬᠤ ᠣᠨᠴᠠᠯᠢᠭᠲᠤ ᠳᠠᠪᠠᠭᠤᠯᠢᠭ ᠠᠵᠤ ᠦᠢᠯᠡᠰ ᠪᠣᠯᠭᠠᠬᠤ ᠬᠡᠷᠡᠭᠲᠡᠢ᠃ ᠬᠤᠶᠠᠷ ᠲᠤ᠂ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠦᠨ ᠥᠷᠭᠡᠳᠬᠡᠵᠦ᠂ ᠨᠡᠶᠢᠭᠡᠮᠯᠢᠭ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠡᠮ ᠢᠳᠡᠭᠡᠨ ᠤ ᠢᠵᠢᠯ ᠢᠷᠡᠯᠲᠡ︾ ᠭᠡᠬᠦ ᠡᠨᠡᠬᠦ ᠲᠦᠷᠦᠯ ᠲᠡᠮᠳᠡᠭ ᠢ ᠴᠢᠩᠭ᠎ᠠ ᠠᠳᠬᠤᠵᠤ᠂ ᠨᠡᠶᠢᠭᠡᠮᠯᠢᠭ ᠤᠨ ᠭᠡᠰᠢᠭᠦᠳ ᠢ ᠢᠳᠡᠪᠬᠢᠲᠡᠢ ᠵᠣᠬᠢᠶᠠᠨ ᠪᠠᠶᠢᠭᠤᠯᠤᠨ ᠪᠦᠬᠦ ᠤᠯᠤᠰ ᠤᠨ ᠬᠤᠨᠴᠢᠷ ᠤᠨ ᠠᠵᠤ ᠦᠢᠯᠡᠰ ᠵᠡᠷᠭᠡ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠡᠯ᠎ᠡ ᠲᠥᠷᠥᠯ ᠤᠨ ᠲᠠᠨᠢᠯᠴᠠᠭᠤᠯᠭ᠎ᠠ ᠶᠢᠨ ᠬᠤᠷᠠᠯ᠂ ᠪᠦᠲᠦᠭᠡᠭᠳᠡᠬᠦᠨ ᠢ ᠰᠢᠯᠭᠠᠨ ᠲᠣᠭᠲᠠᠭᠠᠬᠤ ᠬᠤᠷᠠᠯ ᠢ ᠡᠷᠬᠢᠯᠡᠵᠦ᠂ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠡᠯᠸ᠋ᠺᠲᠷᠣᠨ ᠬᠤᠳᠠᠯᠳᠤᠭᠠᠨ ᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠨᠲ᠋ᠧᠷ ᠰᠦᠯᠵᠢᠶᠡᠨ ᠤ ᠬᠦᠴᠦᠨ ᠢ ᠠᠰᠢᠭᠯᠠᠨ᠂ ᠭᠦᠶᠡᠩ ᠬᠤᠨᠴᠢᠷ ᠤᠨ ᠠᠯᠳᠠᠷᠰᠢᠯ᠂ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠵᠦ᠂ ᠨᠡᠩ ᠣᠯᠠᠨ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ᠎ᠡ᠃ ᠭᠤᠷᠪᠠ ᠳᠤ᠂ ᠨᠡᠶᠢᠭᠡᠮ ᠤᠨ ᠡᠭᠦᠷᠭᠡᠯᠡᠯ ᠢ ᠢᠯᠡᠷᠡᠭᠦᠯᠵᠦ᠂ ᠲᠤᠰ ᠤᠳᠠᠭ᠎ᠠ ᠶᠢᠨ ᠬᠤᠭᠤᠴᠠᠭ᠎ᠠ ᠰᠣᠯᠢᠬᠤ ᠪᠠᠷ ᠰᠢᠨ᠎ᠡ ᠭᠠᠷᠤᠭ᠎ᠠ ᠪᠣᠯᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ︽ᠤᠳᠤᠷᠢᠳᠬᠤ ᠪᠠᠭ ᠢ ᠰᠠᠶᠢᠲᠤᠷ ᠪᠠᠶᠢᠭᠤᠯᠵᠤ᠂ ᠰᠠᠶᠢᠲᠤᠷ ᠪᠦᠯᠬᠦᠮᠳᠡᠭᠦᠯᠦᠨ ᠬᠥᠮᠦᠵᠢᠭᠦᠯᠵᠦ᠂ ᠰᠠᠶᠢᠲᠤᠷ ᠬᠥᠭᠵᠢᠭᠦᠯᠬᠦ ᠳᠤ ᠰᠠᠶᠢᠲᠤᠷ ᠦᠢᠯᠡᠴᠢᠯᠡᠵᠦ᠂ ᠥᠪᠡᠷ ᠢ ᠪᠠᠨ ᠰᠠᠶᠢᠲᠤᠷ ᠵᠢᠷᠤᠮᠵᠢᠭᠤᠯᠬᠤ ︾ ︽ᠳᠥᠷᠪᠡᠨ ᠰᠡᠶᠢᠠ︾ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠪᠠᠶᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠰᠠᠶᠢᠨ ᠬᠠᠪᠰᠤᠷᠤᠭᠴᠢ ᠪᠣᠯᠵᠣ᠂ ᠠᠵᠤ ᠠᠬᠤᠶᠢᠯᠠᠯ ᠤᠨ ᠰᠠᠶᠢᠨ ᠬᠠᠪᠰᠤᠷᠤᠭᠴᠢ ᠪᠣᠯᠵᠣ᠂ ᠬᠡᠷᠡᠭᠴᠡᠭᠡ ᠲᠠᠢ᠂ ᠪᠦᠲᠦᠮᠵᠢᠲᠡᠢ᠂ ᠠᠮᠢᠵᠢᠷᠠᠯ ᠤᠨ ᠬᠦᠴᠦᠨ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ︽ᠠᠵᠢᠯ ᠲᠥᠷᠥᠯ ᠢ ᠬᠥᠭᠵᠢᠭᠦᠯᠬᠦ᠂ ᠠᠵᠢᠯ ᠲᠥᠷᠥᠯ ᠢ ᠬᠥᠲᠥᠯᠥᠨ ᠵᠢᠯᠣᠭᠤᠳᠬᠤ᠂ ᠠᠵᠢᠯ ᠲᠥᠷᠥᠯ ᠢ ᠵᠢᠷᠤᠮᠵᠢᠭᠤᠯᠬᠤ᠂ ᠦᠢᠯᠡᠴᠢᠯᠡᠭᠡᠨ ᠤ ᠠᠵᠢᠯ ᠲᠥᠷᠥᠯ ᠢ ᠵᠢᠷᠤᠮᠵᠢᠭᠤᠯᠬᠤ︾ ᠳᠥᠷᠪᠡᠨ ᠵᠠᠷᠴᠢᠮ ᠤᠨ ᠶᠣᠰᠣᠭᠠᠷ᠂ ᠨᠡᠶᠢᠭᠡᠮᠯᠢᠭ ᠢ ᠨᠡᠩ ᠲᠤᠰᠬᠠᠶᠢᠵᠢᠭᠤᠯᠬᠤ᠂ ᠥᠨᠳᠥᠷ ᠦᠷ᠎ᠡ ᠪᠦᠲᠦᠮᠵᠢᠲᠡᠢ ᠪᠣᠯᠭᠠᠬᠤ ᠴᠢᠭᠯᠡᠯ ᠲᠡᠰᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃    ᠲᠤᠰ ᠤᠳᠠᠭᠠᠨ ᠤ ᠬᠤᠨᠴᠢᠷ ᠤᠨ ᠨᠡᠶᠢᠭᠡᠮᠯᠢᠭ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠤᠷᠤᠭᠰᠢᠲᠠᠢ ᠬᠤᠷᠠᠯᠳᠤᠭᠤᠯᠤᠭᠰᠠᠨ ᠨᠢ ᠨᠢᠭᠡ ᠤᠳᠠᠭᠠᠨ ᠤ ᠰᠢᠨ᠎ᠡ ᠬᠠᠭᠤᠴᠢᠨ ᠤ ᠰᠣᠯᠢᠭᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠤᠳᠠᠭᠠᠨ ᠤ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠠᠭᠤᠯᠵᠠᠷ ᠪᠣᠯᠤᠭᠰᠠᠨ ᠶᠠᠪᠤᠳᠠᠯ ᠪᠣᠯᠤᠨ᠎ᠠ᠃ ︽ᠨᠢᠭᠡ ᠦᠢᠯᠡᠰ ᠬᠥᠭᠵᠢᠨ ᠮᠠᠨᠳᠤᠵᠤ᠂ ᠵᠠᠭᠤᠨ ᠦᠢᠯᠡᠰ ᠬᠥᠭᠵᠢᠨ ᠮᠠᠨᠳᠤᠭᠰᠠᠨ︾᠂ ᠭᠦᠶᠡᠩ ᠰᠢᠶᠠᠨ ᠬᠤᠨᠴᠢᠷ ᠤᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠨᠴᠢᠷ ᠤᠨ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠵᠤ᠂ ︽ᠳᠤᠮᠳᠠᠳᠤ ᠤᠯᠤᠰ ᠤᠨ ᠭᠦᠶᠡᠩ ᠤᠨ ᠠᠰ ᠤᠮᠠᠷᠠᠲᠤ ᠶᠢᠨ ᠬᠤᠨᠴᠢᠷ︾ ᠤᠨ ᠠᠯᠲᠠᠨ ᠦᠰᠦᠭᠲᠦ ᠫᠠᠶᠢᠰᠠ ᠶᠢ ᠲᠠᠰᠤᠷᠠᠯᠲᠠ ᠦᠭᠡᠢ ᠭᠢᠯᠠᠯᠵᠠᠭᠤᠯᠵᠤ᠂ ︽ᠨᠢᠭᠡ ᠬᠤᠨᠴᠢᠷ ᠢᠶᠠᠷ ᠠᠷᠠᠳ ᠢ ᠪᠠᠶᠠᠵᠢᠭᠤᠯᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠵᠦ᠂ ᠬᠤᠨᠴᠢᠷ ᠤᠨ ᠠᠵᠤ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠭᠦᠶᠡᠩ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠪᠡ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号