ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 262 ᠳ᠋ᠤᠭᠠᠷ ᠲᠣᠭᠠᠲᠤ︶ ᠶᠢᠨ | ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠠᠶ ᠲᠠᠢ | ᠤᠶᠠᠯᠳᠤᠭᠤᠯᠤᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠵᠠᠰᠠᠪᠤᠷᠢ | ᠣᠷᠣᠭᠤᠯᠤᠭᠰᠠᠨ ᠤ ᠳᠠᠷᠠᠭᠠᠬᠢ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠣᠭᠲᠠᠭᠠᠬᠤ ᠭᠤᠤᠯ ᠴᠣᠭᠴᠠ ᠶᠢ ᠨᠡᠶᠢᠲᠡᠯᠡᠬᠦ ᠶᠢᠨ ᠬᠠᠮᠲᠤ᠂ ᠬᠤᠯᠪᠣᠭᠳᠠᠯ ᠪᠥᠬᠦᠶ ᠵᠦᠢᠯᠡᠰ ᠢ | ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠨᠠᠷᠢᠨ ᠬᠠᠭᠤᠳᠠᠰᠤᠨ ᠳᠤ ᠵᠢᠭᠰᠠᠭᠠᠭᠰᠠᠨ ᠨᠢᠭᠡᠴᠡ ᠨᠢ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ | ᠪᠠ ᠲᠠᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠦᠢᠯᠡᠰ ᠤᠨ ᠲᠤᠬᠠᠶ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠪᠣᠯᠤᠨ᠎ᠠ᠃ ᠲᠦᠷ ᠴᠠᠭ ᠤᠨ | ᠪᠠᠶᠢᠭᠤᠯᠤᠮᠵᠢ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠰᠠᠯᠠᠭ᠎ᠠ ᠮᠥᠴᠢᠷ ᠤᠨ ᠲᠣᠮᠢᠯᠠᠭᠰᠠᠨ | ᠪᠠᠶᠢᠭᠤᠯᠤᠮᠵᠢ᠂ ᠰᠠᠯᠠᠭ᠎ᠠ ᠮᠥᠴᠢᠷ ᠤᠨ ᠳᠣᠲᠣᠭᠠᠳᠤ ᠶᠢᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠪᠣᠯᠬᠤ ᠥᠬᠡᠶ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠦᠨᠡᠨᠬᠦ ᠲᠣᠭᠲᠠᠭᠠᠬᠤ ᠴᠢᠬᠤᠯᠠ ᠲᠠᠢ ᠪᠣᠯ᠂ ᠬᠠᠷᠢᠶ᠎ᠠ ᠪᠥᠬᠦᠶ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠬᠤ ᠬᠡᠷᠡᠭᠲᠡᠶ᠃ | ᠬᠤᠶᠠᠷ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠭᠤᠤᠯ | ᠴᠣᠭᠴᠠ ᠶᠢᠨ ᠨᠠᠷᠢᠨ ᠬᠠᠭᠤᠳᠠᠰᠤ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠪᠠᠶᠢᠭᠤᠯᠤᠮᠵᠢ ᠶᠢᠨ | ᠥᠭᠡᠷᠡᠴᠢᠯᠡᠯᠲᠡ ᠪᠠ ᠬᠠᠮᠢᠶᠠᠷᠤᠯᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠴᠠᠭ ᠲᠤᠬᠠᠶ ᠳᠤᠨᠢ ᠬᠢᠨᠠᠨ | ᠬᠠᠷᠭᠤᠭᠤᠯᠵᠤ ᠨᠡᠮᠡᠵᠦ ᠬᠠᠰᠤᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠭᠤᠷᠪᠠ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠭᠴᠡ ᠬᠠᠮᠢᠶᠠᠷᠤᠯᠲᠠ ᠶᠢ ᠬᠡᠷᠡᠭᠵᠢᠭᠦᠯᠵᠦ | ᠪᠠᠶᠢᠭ᠎ᠠ ᠰᠢᠶᠠᠨ ᠳᠤ ᠰᠠᠭᠤᠭ᠎ᠠ ᠨᠢᠭᠡᠴᠡ ᠨᠢ ᠲᠤᠰ ᠰᠢᠰᠲ᠋ᠧᠮ ᠤᠨ ᠵᠢᠷᠤᠮᠵᠢᠯ ᠣᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠮᠢᠶᠠᠷᠤᠯᠲᠠ ᠶᠢᠨ ᠲᠥᠷᠢᠮ ᠤᠨ ᠶᠣᠰᠣᠭᠠᠷ ᠬᠡᠷᠡᠭᠵᠢᠭᠦᠯᠬᠦ ᠬᠡᠷᠡᠭᠲᠡᠶ᠂ ᠰᠢᠶᠠᠨ ᠤ ᠱᠠᠲᠤᠨ ᠤ | ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠬᠤ ᠥᠭᠡᠢ᠃ | ᠳᠠᠭᠠᠯᠳᠤᠭᠤᠯᠤᠯ᠄ ᠭᠦᠶᠡᠩ ᠰᠢᠶᠠᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠣᠭᠲᠠᠭᠠᠬᠤ ᠭᠤᠤᠯ ᠴᠣᠭᠴᠠ ᠶᠢᠨ ᠨᠠᠷᠢᠨ ᠬᠠᠭᠤᠳᠠᠰᠤ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ | 2024 ᠣᠨ ᠤ 9 ᠰᠠᠷ᠎ᠠ ᠶᠢᠨ 4 ᠤ ᠡᠳᠦᠷ | | | ᠭᠦᠶᠡᠩ ᠰᠢᠶᠠᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠲᠣᠭᠲᠠᠭᠠᠬᠤ ᠪᠡᠶᠡᠴᠢ ᠴᠣᠭᠴᠠ ᠶᠢᠨ ᠨᠠᠷᠢᠨ ᠬᠠᠭᠤᠳᠠᠰᠤ | | | | ᠰᠠᠯᠠᠭ᠎ᠠ ᠮᠥᠴᠢᠷ ︵ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ︶ ᠤᠨ ᠨᠡᠷᠡᠶᠢᠳᠦᠯ | ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ | ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠭᠦᠶᠡᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠭᠦᠶᠡᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ | ᠭᠦᠶᠡᠩ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠣᠪᠴᠢᠶ᠎ᠠ | ᠭᠦᠶᠡᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ | ᠭᠦᠶᠡᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠭᠦᠶᠡᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | ᠭᠦᠶᠡᠩ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ | ᠭᠦᠶᠡᠩ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ | ᠭᠦᠶᠡᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠡ | ᠭᠦᠶᠡᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ | ᠭᠦᠶᠡᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠭᠦᠶᠡᠩ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠭᠦᠶᠡᠩ ᠰᠢᠶᠠᠨ ᠤ ᠤᠰᠤᠨ ᠠᠰᠢᠭᠯᠠᠯᠲᠠ ᠶᠢᠨ ᠶᠠᠪᠤᠳᠠᠯ ᠤᠨ ᠲᠣᠪᠴᠢᠶ᠎ᠠ | ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ | ᠭᠦᠶᠡᠩ ᠰᠢᠶᠠᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠭᠦᠶᠡᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ | ᠭᠦᠶᠡᠩ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | ᠭᠦᠶᠡᠩ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠡ | ᠭᠦᠶᠡᠩ ᠰᠢᠶᠠᠨ ᠤ ᠬᠢᠨᠠᠨ ᠪᠣᠳᠣᠬᠤ ᠲᠣᠪᠴᠢᠶ᠎ᠠ | ᠭᠦᠶᠡᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠭᠦᠶᠡᠩ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ | ᠭᠦᠶᠡᠩ ᠰᠢᠶᠠᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠭᠦᠶᠡᠩ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠭᠦᠶᠡᠩ ᠰᠢᠶᠠᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠭᠦᠶᠡᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠤᠪᠴᠢᠶ᠎ᠡ | ᠭᠦᠶᠡᠩ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠡ | ᠭᠦᠶᠡᠩ ᠰᠢᠶᠠᠨ ᠤ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ | ᠭᠦᠶᠡᠩ ᠰᠢᠶᠠᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ | ᠭᠦᠶᠡᠩ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠪ | ᠭᠦᠶᠡᠩ ᠰᠢᠶᠠᠨ ᠤ ᠠᠯᠪᠠᠲᠠᠨ ᠤ ᠲᠣᠪᠴᠢᠶ᠎ᠠ | ᠭᠦᠶᠡᠩ ᠰᠢᠶᠠᠨ ᠤ ᠳᠠᠩᠰᠠ ᠡᠪᠬᠡᠮᠡᠯ ᠤᠨ ᠲᠣᠪᠴᠢᠶ᠎ᠠ | ᠭᠦᠶᠡᠩ ᠰᠢᠶᠠᠨ ᠤ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠭᠦᠶᠡᠩ ᠰᠢᠶᠠᠨ ᠤ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ | ᠭᠦᠶᠡᠩ ᠰᠢᠶᠠᠨ ᠤ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠭᠦᠶᠡᠩ ᠰᠢᠶᠠᠨ ᠤ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠭᠦᠶᠡᠩ ᠰᠢᠶᠠᠨ ᠤ ᠰᠢ ᠳ᠋ᠧᠦ ᠫᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | | |