ᠰᠢᠶᠣᠤ ᠯᠢ ᠱᠦᠵᠢ᠄ ︽ᠤᠷᠤᠰᠬᠠᠯ ᠤᠨ ᠬᠡᠮᠵᠢᠶ᠎ᠡ︾ ᠶᠢ ︽ᠪᠣᠷᠣᠯᠠᠭᠤᠯᠭ᠎ᠠ ᠶᠢᠨ ᠬᠡᠮᠵᠢᠶ᠎ᠡ︾ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2024/12/11
    ᠲᠠ ᠨᠠᠷ ᠰᠠᠶᠢᠨ ᠪᠠᠢᠢᠨᠤ︕    ᠮᠢᠨᠦ ᠰᠢᠭᠤᠳ ᠨᠡᠪᠲᠡᠷᠡᠭᠦᠯᠬᠦ ᠥᠷᠥᠭᠡᠨ ᠳᠤ ᠢᠷᠡᠭᠰᠡᠨ ᠢ ᠪᠠᠶᠠᠷᠯᠠᠨ ᠤᠭᠲᠤᠨ᠎ᠠ᠃    ᠡᠨᠡ ᠪᠣᠯ ᠮᠢᠨᠦ ᠠᠩᠬᠠᠨ ᠤ ᠰᠢᠭᠤᠳ ᠨᠡᠪᠲᠡᠷᠡᠭᠦᠯᠭᠡ᠃    ᠣᠯᠠᠨ ᠢᠶᠠᠷ ᠢᠶᠠᠨ ᠢᠯᠡᠭᠦᠬᠡᠨ ᠬᠠᠷᠠᠭᠠᠯᠵᠠᠭᠠᠷᠠᠢ᠃    ᠰᠢᠭᠤᠳ ᠨᠡᠪᠲᠡᠷᠡᠭᠦᠯᠭᠡ ᠶᠢᠨ ᠲᠠᠰᠤᠭ ᠲᠤ᠂ ᠯᠢ ᡁᠢ ᠶᠠᠭ ᠰᠦᠯᠵᠢᠶᠡᠨ ᠤ ᠠᠨᠳᠠ ᠨᠠᠷ ᠲᠤ ᠲᠣᠰᠬᠤᠨ ᠤ ᠠᠷᠠᠳ ᠤᠨ ᠭᠠᠷ ᠤᠷᠠᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠠᠮᠢᠳᠤᠯᠢᠭ ᠪᠥᠭᠡᠳ ᠰᠣᠨᠢᠷᠬᠠᠯᠲᠠᠢ ᠲᠠᠶᠢᠯᠪᠤᠷᠢᠯᠠᠯᠲᠠ ᠶᠢᠨ ᠠᠷᠭ᠎ᠠ ᠬᠡᠯᠪᠡᠷᠢ ᠪᠠᠷ ᠲᠤᠬᠠᠢ ᠶᠢᠨ ᠭᠠᠵᠠᠷ ᠤᠨ ᠤᠯᠠᠮᠵᠢᠯᠠᠯᠲᠤ ᠰᠦᠯᠵᠢᠮᠡᠯ ᠤᠨ ᠤᠷ᠎ᠠ ᠮᠡᠷᠭᠡᠵᠢᠯ ᠪᠣᠯᠤᠨ ᠪᠤᠭᠤᠳᠠᠢ ᠡᠷᠳᠡᠨᠢ ᠰᠢᠰᠢ ᠶᠢᠨ ᠠᠷᠠᠰᠤ ᠪᠠᠷ ᠰᠦᠯᠵᠢᠬᠦ ᠭᠠᠷ ᠤᠷᠠᠯᠠᠯ ᠤᠨ ᠪᠦᠲᠦᠭᠡᠭᠳᠡᠬᠦᠨ ᠢ ᠶᠡᠬᠡᠪᠡᠷ ᠲᠠᠨᠢᠯᠴᠠᠭᠤᠯᠵᠤ᠂ ᠮᠠᠰᠢ ᠣᠯᠠᠨ ᠠᠩᠬᠠᠷᠤᠯ ᠢ ᠲᠠᠲᠠᠵᠤ᠂ ᠡᠳᠡᠭᠡᠷ ᠠᠩᠬᠠᠷᠴᠤ ᠪᠠᠶᠢᠭ᠎ᠠ ︽ᠤᠷᠤᠰᠬᠠᠯ ᠤᠨ ᠬᠡᠮᠵᠢᠶ᠎ᠡ︾ ᠶᠢ ᠦᠨᠡᠨ ᠪᠣᠳᠠᠲᠠᠢ ︽ᠪᠣᠷᠣᠯᠠᠭᠤᠯᠭ᠎ᠠ ᠶᠢᠨ ᠬᠡᠮᠵᠢᠶ᠎ᠡ︾ ᠪᠣᠯᠭᠠᠨ ᠪᠦᠲᠦᠮᠵᠢᠲᠡᠢ ᠬᠤᠪᠢᠷᠠᠭᠤᠯᠪᠠ᠃    ︽ᠪᠢᠳᠡ ᠪᠣᠯ ᠰᠢᠨ᠎ᠡ ᠪᠠᠷ ᠮᠠᠨᠳᠤᠭᠰᠠᠨ  ᠡᠯᠸᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ᠂ ᠠᠷᠠᠳ ᠣᠯᠠᠨ ᠤ ᠤᠯᠠᠮᠵᠢᠯᠠᠯᠲᠤ ᠨᠡᠬᠡᠮᠡᠯ ᠤᠨ ᠤᠷ᠎ᠠ ᠮᠡᠷᠭᠡᠵᠢᠯ ᠪᠣᠯᠤᠨ ᠪᠤᠭᠤᠳᠠᠢ ᠡᠷᠳᠡᠨᠢ ᠰᠢᠰᠢ ᠶᠢᠨ ᠠᠷᠠᠰᠤ ᠪᠠᠷ ᠰᠦᠯᠵᠢᠨ ᠨᠡᠬᠡᠬᠦ ᠭᠠᠷ ᠤᠷᠠᠯᠠᠯ ᠤᠨ ᠪᠦᠲᠦᠭᠡᠭᠳᠡᠬᠦᠨ ᠢ ᠬᠤᠳᠠᠯᠳᠤᠵᠤ᠂ ᠨᠠᠮ ᠪᠣᠯᠤᠨ ᠵᠠᠰᠠᠭ ᠤᠨ ᠣᠷᠳᠣᠨ ᠤ ᠠᠷᠠᠳ ᠢ ᠪᠠᠶᠠᠵᠢᠭᠤᠯᠬᠤ ᠰᠠᠶᠢᠨ ᠲᠥᠷᠥ ᠶᠢᠨ ᠪᠣᠳᠣᠯᠭ᠎ᠠ ᠶᠢ ᠲᠠᠷᠢᠶᠠᠨ ᠭᠠᠵᠠᠷ ᠲᠤ ᠴᠤᠤᠷᠢᠶᠠᠲᠤᠭᠤᠯᠤᠨ᠎ᠠ︾ ᠭᠡᠵᠦ ᠯᠢ ᠽᠢ ᠰᠤᠷᠪᠤᠯᠵᠢᠯᠠᠭᠴᠢ ᠳᠤ ᠬᠡᠯᠡᠪᠡ᠃     ᠬᠡᠷᠪᠡ ᠴᠢ ᠨᠢᠳᠦᠨ ᠡᠮᠦᠨᠡᠬᠢ ᠡᠨᠡ ᠬᠦ ᠭᠤᠶᠣ ᠬᠡᠦᠬᠡᠨ ᠢ ᠲᠤᠰᠬᠠᠢ ᠮᠡᠷᠭᠡᠵᠢᠯ ᠤᠨ ᠨᠡᠪᠲᠡᠷᠡᠭᠦᠯᠦᠭᠴᠢ ᠭᠡᠵᠦ ᠦᠵᠡᠬᠦ ᠳᠤ ᠬᠦᠷᠪᠡᠯ ᠪᠤᠷᠤᠭᠤᠳᠠᠨ᠎ᠠ᠂ ᠲᠡᠷᠡ ᠪᠣᠯ ᠦᠨᠡᠨ ᠳᠤ ᠪᠠᠨ ᠭᠦᠶᠡᠩ ᠰᠢᠶᠠᠨ ᠤ ᠶᠢᠨ ᠬᠤᠤ ᠪᠠᠯᠭᠠᠰᠤᠨ ᠤ ᠳ᠋ᠠ ᠶᠢᠩᠽᠢ ᠲᠣᠰᠬᠤᠨ ᠤ ᠨᠢᠭᠡᠨ ᠲᠣᠰᠬᠤᠨ ᠤ ᠺᠠᠳ᠋ᠷ ᠪᠣᠯᠤᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠯᠢ ᡁᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠨᠵᠤᠤᠷ ᠤᠨ ᠳᠡᠭᠡᠳᠦ ᠰᠤᠷᠭᠠᠭᠤᠯᠢ ᠠᠴᠠ ᠲᠡᠭᠦᠰᠴᠦ᠂ 2016 ᠣᠨ ᠳᠤ ᠣᠷᠣᠰ ᠤᠨ ᠬᠤᠶᠢᠲᠤ ᠪᠠᠶᠢᠭᠠᠯ ᠤᠯᠤᠰ ᠤᠨ ᠶᠡᠭᠡ ᠰᠤᠷᠭᠠᠭᠤᠯᠢ ᠳᠤ ᠨᠢᠭᠡ ᠵᠢᠯ ᠰᠤᠷᠤᠯᠴᠠᠵᠤ᠂ ᠨᠤᠲᠤᠭ ᠳᠠᠭᠠᠨ ᠪᠤᠴᠠᠵᠤ ᠭᠡᠷ ᠤᠨ ᠬᠥᠮᠦᠰ ᠤᠨ ᠱᠢᠷᠭᠠᠭᠤ ᠬᠠᠲᠠᠭᠤᠵᠢᠯᠲᠠᠢ ᠲᠠᠷᠢᠵᠤ ᠪᠠᠶᠢᠭ᠎ᠠ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠮ ᠨᠢ ᠬᠠᠷᠠᠭᠳᠠᠵᠤ ᠪᠠᠶᠢᠬᠤ ᠶᠢ ᠣᠯᠵᠤ ᠦᠵᠡᠪᠡ᠂ ᠡᠭᠦᠨ ᠤ ᠬᠠᠮᠲᠤ ᠨᠤᠲᠤᠭ ᠤᠰᠤ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠬᠠᠮᠤᠭ ᠡᠴᠦᠰ ᠲᠤ ᠭᠠᠳᠠᠭᠠᠳᠤ ᠳᠤ ᠭᠠᠷᠴᠤ ᠰᠤᠷᠤᠯᠴᠠᠬᠤ ᠲᠣᠬᠢᠶᠠᠯ ᠢᠶᠠᠨ ᠲᠠᠶᠠᠭᠳᠠᠵᠤ᠂ ᠨᠤᠲᠤᠭ ᠨᠤᠲᠤᠭ ᠳᠠᠭᠠᠨ ᠦᠯᠡᠳᠡᠵᠦ ᠠᠳᠠᠯ ᠦᠢᠯᠡᠰ ᠪᠤᠰᠬᠠᠬᠤ ᠪᠠᠷ ᠲᠣᠭᠲᠠᠪᠠ᠃ ᠲᠡᠷᠡ᠄ ︽ᠪᠢ ᠨᠤᠲᠤᠭ ᠤᠨ ᠠᠬ᠎ᠠ ᠳᠡᠭᠦᠦ ᠨᠡᠷ ᠢ ᠬᠠᠪᠰᠤᠷᠤᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤᠷᠠᠲᠠᠢ︾ ᠭᠡᠵᠦ ᠬᠡᠯᠡᠪᠡ᠃    2019 ᠣᠨ ᠤ 9 ᠰᠠᠷ᠎ᠠ ᠳᠤ᠂ ᠯᠢ ᡁᠢ ᠶᠢᠨ ᠬᠤᠤ ᠪᠠᠯᠭᠠᠰᠤᠨ ᠤ ᠳ᠋ᠠ ᠶᠢᠩᠽᠢ ᠲᠣᠰᠬᠤᠨ ᠤ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠠᠵᠢᠯ ᠳᠤ ᠣᠷᠣᠯᠴᠠᠵᠤ᠂ ᠲᠣᠰᠬᠤᠨ ᠤ ᠠᠷᠠᠳ ᠤᠨ ᠪᠣᠳᠣᠵᠤ ᠪᠠᠶᠢᠭ᠎ᠠ ᠵᠦᠢᠯ ᠢ ᠣᠶᠢᠯᠠᠭᠠᠪᠠ᠃ 2021 ᠣᠨ ᠠᠴᠠ ᠡᠬᠢᠯᠡᠨ᠂ ᠲᠡᠷᠡ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠪᠣᠷᠣᠯᠠᠭᠤᠯᠭ᠎ᠠ ᠶᠢᠨ ᠠᠷᠭ᠎ᠠ ᠵᠠᠮ ᠢᠶᠠᠷ ᠲᠤᠰ ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠵᠤ᠂ 10 ᠡᠷᠦᠬᠡ ᠲᠠᠷᠢᠶᠠᠴᠢᠳ ᠢ ᠬᠠᠪᠰᠤᠷᠤᠨ ᠲᠠᠷᠢᠶᠠᠯᠠᠩ ᠤᠨ ᠪᠦᠲᠦᠭᠡᠭᠳᠡᠬᠦᠨ ᠢ 5000 ᠲᠥᠭᠦᠷᠢᠭ ᠪᠣᠷᠣᠯᠠᠭᠤᠯᠪᠠ︔ 2022 ᠣᠨ ᠳᠤ ᠲᠣᠰᠬᠤᠨ ᠤ ᠠᠷᠠᠳ ᠢ ᠬᠠᠪᠰᠤᠷᠤᠨ ᠲᠠᠬᠢᠶᠠᠨ ᠥᠨᠳᠡᠭᠡ ᠬᠤᠳᠠᠯᠳᠤᠭᠤᠯᠵᠤ᠂ ᠨᠡᠶᠢᠲᠡ 2000 ᠭᠠᠷᠤᠢ ᠲᠥᠭᠦᠷᠢᠭ ᠬᠥᠷᠪᠡ᠃ ᠬᠤᠨᠴᠢᠷ 15.5 ᠲᠣᠨ᠂ ᠨᠡᠶᠢᠲᠡ 10 ᠲᠦᠮᠡ ᠭᠠᠷᠤᠢ ᠲᠥᠭᠦᠷᠢᠭ︔ 2023 ᠣᠨ ᠳᠤ ᠰᠢᠨ᠎ᠡ ᠵᠠᠭᠤᠴᠢᠯᠠᠭᠤᠷ ᠢᠶᠠᠷ ᠳᠠᠮᠵᠢᠨ ᠭᠦᠶᠡᠩ ᠤᠨ ᠣᠨᠴᠠᠯᠢᠭᠲᠤ ᠪᠦᠲᠦᠭᠡᠭᠳᠡᠬᠦᠨ ᠢ 2.4 ᠲᠦᠮᠡᠨ ᠲᠥᠭᠦᠷᠢᠭ ᠬᠤᠳᠠᠯᠳᠤᠪᠠ᠃ ᠯᠢ ᡁᠢ ᠥᠪᠡᠷ ᠢ ᠪᠠᠨ ᠲᠣᠰᠬᠤᠨ ᠤ ᠠᠷᠠᠳ ᠤᠨ ᠳᠤᠮᠳᠠ ᠠᠭᠤᠰᠤᠯᠴᠠᠭᠤᠯᠵᠤ᠂ ᠲᠡᠳᠡᠨ ᠢ ᠢᠳᠡᠪᠬᠢᠲᠡᠢ ᠬᠠᠪᠰᠤᠷᠤᠨ ᠠᠪᠤᠷᠠᠨ ᠲᠤᠰᠠᠯᠠᠬᠤ᠂ ᠭᠠᠷ ᠤᠲᠠᠰᠤᠨ ᠤ ᠭᠡᠷᠡᠴᠢᠯᠡᠯ ᠢ ᠬᠠᠪᠰᠤᠷᠴᠤ᠂ ᠲᠡᠳᠡᠨ ᠢ ᠬᠠᠪᠰᠤᠷᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠢᠵᠦ᠂ ᠲᠣᠰᠬᠤᠨ ᠤ ᠠᠷᠠᠳ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠤ᠂ ᠲᠣᠰᠬᠤᠨ ᠤ ᠠᠷᠠᠳ ᠲᠡᠭᠦᠨ ᠢ ᠳᠣᠲᠣᠨᠣ ᠪᠠᠷ ︽ᠰᠢᠶᠣᠤ ᠯᠢ ᠱᠦᠵᠢ︾ ᠭᠡᠵᠦ ᠳᠣᠲᠣᠨᠣᠰᠤᠭ ᠢᠶᠠᠷ ᠳᠠᠭᠤᠳᠠᠪᠠ᠃    ᠯᠢ ᡁᠢ ᠬᠡᠯᠡᠭᠰᠡᠨ ᠨᠢ᠄ ︽ᠲᠣᠰᠬᠤᠨ ᠤ ᠠᠷᠠᠳ ᠢ ᠳᠠᠭᠠᠭᠤᠯᠤᠨ ᠪᠠᠶᠠᠵᠢᠭᠤᠯᠬᠤ ᠳᠤ ᠵᠠᠩᠭᠢᠯᠠᠭ᠎ᠠ ᠨᠢ ᠬᠥᠭᠵᠢᠯᠲᠡ ᠶᠢᠨ ᠴᠢᠭᠯᠡᠯ ᠢ ᠣᠨᠣᠪᠴᠢᠲᠠᠢ ᠣᠯᠬᠤ ᠶᠢᠨ ᠬᠠᠮᠲᠤ ᠲᠣᠰᠬᠤᠨ ᠤ ᠠᠷᠠᠳ ᠢ ᠴᠥᠮ ᠣᠷᠣᠯᠴᠠᠭᠤᠯᠬᠤ ᠬᠡᠷᠡᠭᠲᠡᠢ᠃ ᠳ᠋ᠠ ᠶᠢᠩᠽᠢ ᠲᠣᠰᠬᠤᠨ ᠠᠭᠤᠯᠠᠷᠬᠠᠭ ᠣᠷᠣᠨ ᠳᠤ ᠪᠠᠶᠢᠷᠢᠯᠠᠵᠤ᠂ ᠡᠬᠢ ᠪᠠᠶᠠᠯᠢᠭ ᠬᠡᠳᠦ᠋ᠢᠪᠡᠷ ᠬᠢᠵᠠᠭᠠᠷ ᠲᠠᠢ ᠪᠣᠯᠪᠠᠴᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠡᠯᠪᠡᠭ ᠪᠠᠶᠠᠯᠢᠭ ᠲᠠᠷᠢᠶᠠᠯᠠᠩ ᠤᠨ ᠪᠦᠲᠦᠭᠡᠭᠳᠡᠬᠦᠨ ᠲᠠᠢ ᠪᠠᠶᠢᠳᠠᠭ᠃ ᠳ᠋ᠠ ᠶᠢᠩᠽᠢ ᠲᠣᠰᠬᠤᠨ ᠡᠳᠡᠭᠡᠷ ᠳᠠᠪᠠᠭᠤᠯᠢᠭ ᠳᠠᠭᠠᠨ ᠲᠦᠰᠢᠭᠯᠡᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠣᠨᠴᠠᠯᠢᠭᠲᠤ ᠲᠠᠷᠢᠶᠠᠯᠠᠩ ᠢ ᠬᠥᠭᠵᠢᠭᠦᠯᠵᠦ᠂ ᠲᠣᠰᠬᠤᠨ ᠤ ᠠᠷᠠᠳ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠲᠠᠷᠢᠬᠤ ᠶᠢ ᠶᠡᠬᠡᠪᠡᠷ ᠳᠡᠮᠵᠢᠬᠦ ᠶᠢᠨ ᠬᠠᠮᠲᠤ ᠲᠡᠳᠡᠨ ᠢ ᠬᠠᠪᠰᠤᠷᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠲᠣᠰᠬᠤᠨ ᠤ ᠠᠷᠠᠳ ᠤᠨ ᠠᠮᠢᠳᠤᠷᠠᠯ ᠤᠨ ᠬᠢᠷᠢ ᠲᠦᠪᠰᠢᠨ ᠪᠣᠯᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ︾ ᠭᠡᠵᠡᠢ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号