ᠶᠢᠨ ᠬᠤᠤ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠥᠳᠡᠯᠦᠩᠭᠦᠢ ᠪᠠᠶᠢᠳᠠᠯ
ᠨᠡᠶᠢᠲᠡᠯᠡᠭᠰᠡᠨ ᠴᠠᠭ᠄
2024/12/13
    ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠡᠭᠦᠷᠭᠡ ᠪᠣᠯᠤᠨ᠎ᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠬᠦ ᠶᠢᠨ ᠲᠥᠯᠥᠭᠡ᠂ ᠶᠢᠨ ᠬᠤᠤ ᠪᠠᠯᠭᠠᠰᠤ ︽ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃ ︽ᠮᠧᠬᠠᠨᠢᠭ ᠬᠥᠮᠦᠨ ᠤ ᠬᠦᠴᠦᠨ︾ ᠤ ᠠᠷᠭ᠎ᠠ ᠮᠠᠶ᠋ᠢᠭ ᠢ ᠠᠪᠴᠤ᠂ ᠴᠡᠭᠴᠡᠯᠡᠨ ᠵᠠᠰᠠᠬᠤ ᠠᠵᠢᠯᠯᠠᠭ᠎ᠠ ᠳᠤ ᠦᠳᠲᠡᠷ ᠲᠦᠷᠭᠡᠨ ᠣᠷᠣᠯᠴᠠᠬᠤ ᠬᠡᠷᠡᠭᠲᠡᠢ᠃    ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠬᠦᠴᠢᠷᠳᠡᠯ᠂ ᠲᠦᠭᠵᠢᠷᠡᠯ᠂ ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠪᠠᠯᠭᠠᠰᠤ ᠶᠢᠨ ᠬᠦᠴᠦᠨ ᠢ ᠳᠠᠶᠢᠴᠢᠯᠠᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠦᠨ᠎ᠡ᠃ ᠦᠷᠭᠦᠯᠵᠢᠯᠡᠨ ᠬᠦᠴᠦᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠮᠢᠳᠤᠷᠠᠯ ᠤᠨ ᠬᠤᠭ ᠨᠣᠪᠰᠢ᠂ ᠡᠯᠳᠡᠪ ᠡᠪᠡᠰᠦ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠳᠣᠪᠤᠶᠢᠮ᠎ᠠ ᠠᠰᠠᠭᠤᠳᠠᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠭᠡᠷ ᠤᠨ ᠠᠷᠤ ᠥᠪᠥᠷ᠂ ᠭᠤᠣᠯ ᠤᠨ ᠵᠠᠮ ᠭᠤᠤ ᠰᠤᠪᠠᠭ᠂ ᠵᠠᠮ ᠳᠠᠭᠠᠤ ᠶᠡᠭᠡ ᠴᠡᠪᠡᠷᠯᠡᠯᠲᠡ᠂ ᠶᠡᠭᠡ ᠴᠡᠭᠴᠡᠯᠡᠨ ᠵᠠᠰᠠᠯᠲᠠ ᠬᠢᠬᠦ ᠶᠢᠨ ᠬᠠᠮᠲᠤ ᠬᠠᠷᠢᠶ᠎ᠠ ᠣᠷᠣᠨ ᠤ ᠡᠷᠡᠭᠦᠯ ᠬᠠᠮᠠᠭᠠᠯᠠᠯ ᠤᠨ ᠥᠨᠴᠥᠭ ᠪᠤᠯᠤᠩ ᠦᠯᠡᠳᠡᠭᠡᠯ ᠦᠭᠡᠢ ᠴᠡᠭᠴᠡᠯᠡᠨ ᠵᠠᠰᠠᠯᠲᠠ ᠬᠢᠵᠦ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ ᠪᠦᠬᠦ ᠲᠠᠯ᠎ᠠ ᠶᠢᠨ᠂ ᠥᠨᠴᠥᠭ ᠪᠤᠯᠤᠩ ᠦᠯᠡᠳᠡᠭᠡᠯ ᠦᠭᠡᠢ ᠪᠠᠶᠢᠬᠤ ᠶᠢ ᠪᠠᠲᠤᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠪᠣᠢ ᠪᠣᠯᠭᠠᠵᠤ᠂ ᠣᠷᠴᠢᠨ ᠲᠣᠭᠤᠷᠢᠨ ᠤ ᠳᠦᠷᠰᠦ ᠪᠠᠶᠢᠳᠠᠯ ᠢ ︽ᠭᠤᠶᠣ ᠰᠠᠶᠢᠬᠠᠨ ᠴᠡᠪᠡᠷ︾ ᠲᠡᠰᠢ ᠦᠷᠭᠦᠯᠵᠢᠯᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃    ᠲᠤᠰ ᠤᠳᠠᠭᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠳᠲᠡᠷ ᠲᠦᠷᠭᠡᠨ ᠳᠠᠭᠠᠵᠤ ᠬᠢᠭᠰᠡᠨ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠶᠢᠨ ᠬᠤᠤ ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠣᠰᠬᠤᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠮᠢᠳᠤᠯᠢᠭ ᠦᠢᠯᠡᠳᠦᠯᠭᠡ ᠪᠣᠯᠤᠨ᠎ᠠ᠃ ᠶᠢᠨ ᠬᠤᠤ ᠪᠠᠯᠭᠠᠰᠤ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠵᠦ᠂ ᠬᠥᠳᠡᠭᠡ ᠲᠣᠰᠬᠤᠨ ᠢ ︽ᠥᠩᠭᠡ ᠵᠢᠰᠦ ᠶᠢ ᠨᠡᠮᠡᠭᠳᠡᠭᠦᠯᠬᠦ︾᠂ ︽ᠵᠠᠩ ᠴᠢᠨᠠᠷ︾ ᠢ ᠳᠡᠭᠡᠭᠰᠢᠯᠡᠭᠦᠯᠦᠨ᠂ ︽ᠶᠠᠰᠤ ᠴᠢᠨᠠᠷ︾ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ 
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号