ᠰᠢ ᠳ᠋ᠧᠦ ᠫᠦ᠋ ᠪᠠᠯᠭᠠᠰᠤᠨ ᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠴᠡᠭᠴᠡᠯᠡᠨ ᠵᠠᠰᠠᠬᠤ ᠶᠢ ᠬᠥᠲᠥᠯᠥᠨ ᠳᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2024/12/13
    ᠬᠤ᠋ ᠵᠢᠢ ᠲᠤ ᠲᠣᠰᠬᠤᠨ ᠰᠢ ᠳ᠋ᠧᠦ ᠫᠦ᠋ ᠪᠠᠯᠭᠠᠰᠤᠨ ᠤ ᠵᠠᠰᠠᠭ ᠤᠨ ᠣᠷᠳᠣᠨ ᠤ ᠪᠠᠷᠠᠭᠤᠨ ᠲᠠᠯ᠎ᠠ ᠳᠤ 1 ᠺᠢᠯᠣᠮᠧᠳ᠋ᠷ ᠵᠠᠶᠢᠲᠠᠢ ᠪᠠᠶᠢᠷᠢᠯᠠᠵᠤ ᠪᠤᠢ᠂ ᠲᠠᠯᠠᠪᠠᠢ ᠨᠢ 130 ᠲᠡᠭᠰᠢ ᠳᠥᠷᠪᠡᠯᠵᠢᠨ ᠺᠢᠯᠣᠮᠧᠳ᠋ᠷ᠂ ᠶᠡᠷᠦᠩᠬᠡᠢ ᠲᠠᠷᠢᠶᠠᠨ ᠭᠠᠵᠠᠷ ᠤᠨ ᠲᠠᠯᠠᠪᠠᠢ 2.1 ᠲᠦᠮᠡᠨ ᠮᠦ ᠪᠠᠶᠢᠳᠠᠭ᠃ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠨᠡᠶᠢᠲᠡ 5 ᠬᠥᠮᠦᠨ᠂ ᠴᠥᠮ ᠲᠤᠰᠬᠠᠢ ᠮᠡᠷᠭᠡᠵᠢᠯ ᠤᠨ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠳᠤᠮᠳᠠᠴᠢ ᠨᠠᠰᠤ ᠨᠢ 38 ᠨᠠᠰᠤ᠃ ᠨᠡᠶᠢᠲᠡ 72 ᠨᠠᠮ ᠤᠨ ᠭᠡᠰᠢᠭᠦᠨ ᠲᠠᠢ᠂ ᠲᠣᠰᠬᠤᠨ ᠤ ᠨᠠᠮ ᠤᠨ ᠭᠡᠰᠢᠭᠦᠨ 26 ᠬᠥᠮᠦᠨ ᠪᠠᠶᠢᠪᠠ᠃ ᠡᠷᠦᠬᠡ ᠠᠮᠠ ᠶᠢᠨ ᠬᠠᠷᠢᠶ᠎ᠠ ᠶᠢᠨ ᠬᠥᠮᠦᠨ ᠠᠮᠠ 1230 ᠡᠷᠦᠬᠡ ᠶᠢᠨ 2680 ᠬᠥᠮᠦᠨ᠂ ᠪᠠᠶᠢᠩᠭᠤ ᠰᠠᠭᠤᠭ᠎ᠠ 362 ᠡᠷᠦᠬᠡ ᠶᠢᠨ 680 ᠬᠥᠮᠦᠨ᠂ ᠪᠦᠬᠦ ᠲᠣᠰᠬᠤᠨ ᠳᠤ ᠨᠡᠶᠢᠲᠡ 45 ᠴᠥᠭᠡᠨ ᠲᠣᠭᠠᠲᠤ ᠦᠨᠳᠦᠰᠦᠲᠡᠨ ᠪᠠᠶᠢᠨ᠎ᠠ᠃ 2024 ᠣᠨ ᠳᠤ ᠨᠡᠶᠢᠲᠡ 37 ᠡᠷᠦᠬᠡ 58 ᠬᠥᠮᠦᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ 21 ᠡᠷᠦᠬᠡ 35 ᠬᠥᠮᠦᠨ᠂ ᠲᠠᠪᠤᠨ ᠪᠠᠲᠤᠯᠠᠭ᠎ᠠ ᠶᠢᠨ 3 ᠡᠷᠦᠬᠡ 3 ᠬᠥᠮᠦᠨ᠂ ᠰᠢᠨ᠎ᠡ ᠪᠠᠷ 13 ᠬᠥᠮᠦᠨ ᠨᠡᠮᠡᠭᠳᠡᠪᠡ᠃ ᠬᠤ᠋ ᠵᠢᠢ ᠲᠤ ᠲᠣᠰᠬᠤᠨ ᠤᠷᠢᠳ ᠬᠤᠵᠢᠳ ᠬᠤᠲᠠ ᠰᠢᠶᠠᠨ ᠬᠤᠶᠠᠷ ᠱᠠᠲᠤᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾᠂ ᠭᠦᠶᠡᠩ ᠰᠢᠶᠠᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠴᠡᠭ᠂ ᠪᠤᠭᠤᠲᠤ ᠬᠤᠲᠠ ᠶᠢᠨ ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ᠂ ᠭᠦᠶᠡᠩ ᠰᠢᠶᠠᠨ ᠤ ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠴᠡᠭ᠂ ᠪᠤᠭᠤᠲᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ ᠵᠡᠷᠭᠡ ᠣᠯᠠᠨ ᠵᠦᠢᠯ ᠤᠨ ᠢᠷᠠᠭᠤ ᠠᠯᠳᠠᠷ ᠢ ᠬᠦᠷᠲᠡᠪᠡ᠃    2024 ᠣᠨ ᠳᠤ ᠬᠤᠪᠧᠢ ᠲᠣᠰᠬᠤᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ ᠪᠠᠬᠢᠯᠡᠯᠲᠡ ᠶᠢ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠢᠶᠣᠣ ᠮᠠ ᠳ᠋ᠠ ᠮᠠᠰᠢᠨ ᠲᠡᠷᠭᠡᠨ ᠤ ᠦᠷ᠎ᠡ ᠪᠦᠲᠦᠮᠵᠢ ᠶᠢ ᠪᠠᠬᠢᠵᠢᠭᠦᠯᠵᠦ᠂ ᠰᠢᠢᠳᠪᠦᠷᠢᠯᠡᠬᠦ ᠵᠦᠢᠯᠡᠰ ᠢ ᠴᠣᠮᠬᠠᠳᠬᠠᠨ᠂ ᠬᠠᠷᠢᠭᠤᠴᠠᠯᠭ᠎ᠠ ᠶᠢᠨ ᠬᠠᠷᠠᠯᠲᠠ ᠶᠢ ᠲᠣᠳᠣᠷᠬᠠᠶᠢᠯᠠᠵᠤ᠂ ᠴᠢᠳᠠᠮᠵᠢ ᠶᠢᠨ ᠭᠡᠷ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠬᠤᠷᠠᠯ ᠢ ᠴᠣᠮᠬᠠᠳᠬᠠᠵᠤ᠂ ᠡᠷᠦᠬᠡ ᠳᠤ ᠣᠷᠣᠵᠤ ᠬᠡᠷᠡᠭ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠳᠠᠲᠤ ᠪᠠᠶᠢᠳᠠᠯ ᠢ ᠣᠶᠢᠯᠠᠭᠠᠵᠤ᠂ ᠵᠥᠷᠢᠴᠡᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠢ ᠲᠡᠭ ᠪᠣᠯᠭᠠᠪᠠ᠃ ᠡᠨᠡ ᠵᠢᠯ ᠤᠨ ᠤᠯᠤᠰ ᠤᠨ ᠪᠠᠶᠠᠷ ᠤᠨ ᠬᠤᠭᠤᠴᠠᠭᠠᠨ ᠳᠤ ᠪᠤᠭᠤᠲᠤ ᠬᠤᠲᠠ ᠶᠢᠨ ︽39 ᠲᠦᠮᠡᠨ ᠺᠢᠯᠣᠸᠠᠲ ᠪᠣᠬᠢᠷᠲᠤᠯ ᠦᠭᠡᠢ ᠴᠠᠬᠢᠯᠭᠠᠨ ᠬᠠᠩᠭᠠᠬᠤ ᠴᠢᠬᠤᠯᠠ ᠶᠡᠭᠡ ᠲᠥᠷᠥᠯ ᠵᠦᠢᠯ︾ ᠪᠣᠯᠬᠤ ᠬᠤ᠋ ᠵᠢᠢ ᠲᠤ ᠲᠤᠰᠬᠤᠨ ᠳᠤ ᠨᠤᠳᠤᠭᠰᠢᠪᠠ᠂ ᠪᠢᠳᠡ ᠠᠮᠠᠷᠠᠯᠲᠠ ᠶᠢᠨ 7 ᠡᠳᠦᠷ ᠤᠨ ᠬᠤᠭᠤᠴᠠᠭ᠎ᠠ ᠪᠠᠷ 7 ᠪᠠᠶᠢᠭᠠᠯᠢᠯᠢᠭ ᠲᠤᠰᠬᠤᠨ ᠤ 600 ᠭᠠᠷᠤᠢ ᠡᠷᠦᠬᠡ ᠲᠤᠰᠬᠤᠨ ᠤ ᠠᠷᠠᠳ ᠤᠨ ᠭᠠᠵᠠᠷ ᠱᠢᠷᠣᠢ ᠲᠠᠲᠠᠪᠤᠷᠢᠯᠠᠬᠤ ᠡᠭᠦᠷᠭᠡ ᠶᠢ ᠤᠷᠤᠭᠰᠢᠳᠠᠢ ᠪᠡᠶᠡᠯᠡᠭᠦᠯᠵᠦ᠂ ᠴᠢᠩᠭ᠎ᠠ ᠨᠢᠮᠪᠠᠢ ᠥᠨᠳᠥᠷ ᠪᠦᠲᠦᠮᠵᠢᠲᠡᠢ ᠲᠡᠮᠡᠴᠡᠬᠦ ᠬᠤᠷᠳᠤᠴᠠ ᠶᠢ ᠲᠡᠭᠦᠰ ᠰᠠᠶᠢᠬᠠᠨ ᠲᠠᠶᠢᠯᠪᠤᠷᠢᠯᠠᠵᠠᠢ᠃ ᠡᠭᠦᠨ ᠤ ᠬᠠᠮᠲᠤ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠰᠤᠷᠤᠯᠭ᠎ᠠ ᠶᠢ ᠲᠡᠳᠬᠦᠬᠦ ᠱᠠᠩᠨᠠᠯ ᠤᠨ ᠠᠵᠢᠯᠯᠠᠭ᠎ᠠ ᠶᠢ ᠲᠤᠷᠰᠢᠯᠲᠠ ᠶᠢᠨ ᠴᠡᠭ ᠲᠤ ᠤᠷᠢᠳ ᠢᠶᠠᠷ ᠥᠷᠨᠢᠭᠦᠯᠵᠦ᠂ 1.62 ᠲᠦᠮᠡᠨ ᠲᠥᠭᠦᠷᠢᠭ ᠤᠨ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢᠨ ᠪᠡᠯᠡ ᠮᠥᠩᠭᠦ ᠶᠢ ᠬᠡᠷᠡᠭᠯᠡᠵᠦ᠂ ᠶᠡᠭᠡ ᠰᠤᠷᠭᠠᠭᠤᠯᠢ ᠳᠤ ᠰᠢᠯᠭᠠᠨ ᠤᠷᠤᠭᠰᠠᠨ 17 ᠰᠤᠷᠤᠭᠴᠢᠳ ᠢ ᠬᠥᠬᠢᠭᠦᠯᠦᠨ ᠰᠠᠶᠢᠰᠢᠶᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠥᠯᠥᠭᠡ᠂ ᠲᠤᠰ ᠭᠠᠵᠠᠷ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠶᠢ ᠵᠣᠷᠢᠭᠵᠢᠭᠤᠯᠤᠨ᠎ᠠ᠃    ᠰᠠᠭᠤᠷᠢ ᠶᠢ ᠪᠠᠬᠢᠵᠢᠭᠦᠯᠵᠦ ᠪᠠᠬᠢᠯᠡᠯᠲᠡ ᠶᠢ ᠴᠢᠩᠭᠠᠳᠬᠠᠨ ᠵᠠᠰᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ    ᠬᠤ᠋ ᠵᠢᠢ ᠲᠤ ᠲᠣᠰᠬᠤᠨ ᠬᠠᠮᠲᠤ ᠶᠢᠨ ᠭᠠᠵᠠᠷ ᠰᠢᠷᠣᠢ ᠪᠠᠷ ᠬᠤᠪᠢ ᠣᠷᠣᠭᠤᠯᠬᠤ᠂ ᠲᠠᠷᠢᠶᠠᠯᠠᠩ ᠢ ᠳᠠᠶᠢᠴᠢᠯᠠᠬᠤ ᠂ ᠲᠠᠷᠢᠶᠠᠴᠢᠳ ᠢ ᠪᠠᠶᠠᠵᠢᠭᠤᠯᠬᠤ ᠰᠢᠨ᠎ᠡ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠨᠠᠮ ᠤᠨ ᠡᠭᠦᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠮᠠᠰᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠲᠠᠷᠢᠶᠠᠴᠢᠨ ᠡᠷᠦᠬᠡ︾ ᠶᠢᠨ ᠵᠠᠭᠪᠤᠷ ᠢ ᠪᠠᠶᠢᠭᠤᠯᠤᠨ᠎ᠠ᠃ ᠲᠣᠰᠬᠤᠨ ᠤ ᠳᠣᠲᠣᠷ᠎ᠠ ᠨᠡᠶᠢᠲᠡ 2 ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠲᠠᠢ᠂ ᠷᠦᠨ ᠱᠤ ᠰᠢᠨ ᠲᠠᠷᠢᠶᠠᠴᠢᠨ ᠤ ᠲᠤᠰᠬᠠᠢ  ᠬᠤᠷᠰᠢᠶ᠎ᠡ ᠲᠠᠢ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠵᠠᠭᠪᠤᠷ ᠲᠠᠢ ᠪᠠᠶᠢᠵᠤ᠂ ᠵᠢᠯ ᠤᠨ ᠴᠡᠪᠡᠷ ᠠᠰᠢᠭ ᠣᠷᠣᠯᠭ᠎ᠠ 120 ᠲᠦᠮᠡᠨ ᠲᠥᠭᠦᠷᠢᠭ ᠲᠤ ᠬᠦᠷᠴᠦ᠂ ᠡᠭᠦᠨ ᠤ ᠬᠠᠮᠲᠤ ᠲᠤᠰ ᠲᠥᠷᠥᠯ ᠵᠦᠢᠯ ᠨᠢ ᠶᠡᠭᠡ ᠤᠯᠠᠭᠠᠨ ᠲᠣᠰᠬᠤᠨ ᠤ ᠠᠷᠠᠳ ᠲᠤ ᠵᠢᠯ ᠪᠦᠷᠢ 30 ᠲᠦᠮᠡᠨ ᠲᠥᠭᠦᠷᠢᠭ ᠤᠨ ᠬᠥᠯᠥᠰᠥᠨ ᠠᠵᠢᠯ ᠬᠢᠵᠦ ᠥᠭᠴᠡᠢ︔ 2024 ᠣᠨ ᠳᠤ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠬᠦ 125 ᠲᠦᠮᠡᠨ ᠲᠥᠭᠦᠷᠢᠭ ᠪᠠ ᠥᠪᠡᠰᠦᠪᠡᠨ ᠴᠤᠭᠯᠠᠭᠤᠯᠤᠭᠰᠠᠨ 3 ᠲᠦᠮᠡᠨ ᠲᠥᠭᠦᠷᠢᠭ ᠨᠡᠶᠢᠲᠡ 128 ᠲᠦᠮᠡᠨ ᠲᠥᠭᠦᠷᠢᠭ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠴᠤ᠂ ᠥᠪᠥᠷ ᠮᠣᠩᠭᠤᠯ ᠤᠨ ᠤᠮᠠᠷᠠᠲᠤ ᠥᠷᠭᠡᠷᠢᠭ ᠤᠨ ᠠᠲᠠᠷ ᠬᠠᠭᠠᠯᠪᠤᠷᠢᠯᠠᠯᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠲᠦᠷᠢᠶᠡᠰᠦᠯᠡᠭᠦᠯᠵᠦ᠂ ᠲᠦᠷᠦᠭᠦᠦ ᠵᠢᠷᠭᠤᠭᠠᠨ ᠵᠢᠯ ᠳᠤ 90000 ᠲᠥᠭᠦᠷᠢᠭ / ᠵᠢᠯ ᠳᠤ ᠲᠦᠷᠢᠶᠡᠰᠦᠯᠡᠭᠦᠯᠵᠦ᠂ ᠳᠠᠷᠠᠭ᠎ᠠ ᠨᠢ ᠳᠥᠷᠪᠡᠨ ᠵᠢᠯ ᠳᠤ 72500 ᠲᠥᠭᠦᠷᠢᠭ ᠪᠣᠯᠤᠨ᠎ᠠ᠃ ᠡᠭᠦᠨ ᠤ ᠬᠠᠮᠲᠤ ᠮᠠᠨ ᠤ ᠲᠣᠰᠬᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠢ ᠽᠧᠩ ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠲᠠᠢ ᠬᠠᠮᠲᠤᠷᠠᠨ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠠᠰᠢᠭ ᠣᠷᠣᠯᠭ᠎ᠠ ᠨᠢ 30 ᠲᠦᠮᠡᠨ ᠲᠥᠭᠦᠷᠢᠭ ᠠᠴᠠ ᠳᠡᠭᠡᠭᠰᠢ ᠪᠣᠯᠤᠨ᠎ᠠ᠃ ᠢᠷᠡᠭᠡᠳᠦᠢ ᠳᠤ ᠨᠡᠩ ᠣᠯᠠᠨ ᠲᠥᠷᠥᠯ ᠵᠦᠢᠯ ᠤᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠨᠡᠩ ᠶᠡᠭᠡ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠪᠡᠶᠡᠯᠡᠭᠦᠯᠬᠦ ᠪᠣᠯᠤᠮᠵᠢ ᠲᠠᠢ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠯᠪᠡᠷᠢᠵᠢᠭᠦᠯᠬᠦ ᠮᠥᠷᠲᠡᠭᠡᠨ ᠪᠠᠰᠠ ᠰᠦᠭ ᠰᠦᠨᠡᠰᠦ ᠶᠢ ᠱᠤᠭᠤᠬᠤ ᠬᠡᠷᠡᠭᠲᠡᠢ᠃ ᠬᠥᠳᠡᠭᠡ ᠲᠣᠰᠬᠤᠨ ᠤ ᠰᠤᠷᠲᠠᠯ ᠪᠣᠯᠪᠠᠰᠤᠨ ᠪᠣᠯ ᠥᠷᠭᠡᠨ ᠣᠯᠠᠨ ᠠᠷᠠᠳ ᠲᠦᠮᠡᠨ ᠤ ᠣᠷᠣᠯᠴᠠᠯᠭ᠎ᠠ ᠠᠴᠠ ᠰᠠᠯᠵᠤ ᠴᠢᠳᠠᠬᠤ ᠦᠭᠡᠢ᠂ ᠪᠢᠳᠡ ᠪᠦᠬᠦ ᠲᠣᠰᠬᠤᠨ ᠳᠤ ︽ᠬᠠᠮᠤᠭ ᠤᠨ ᠭᠤᠶᠣ ᠭᠡᠷ ᠪᠦᠯᠢ︾᠂ ︽ᠰᠠᠶᠢᠨ ᠪᠡᠷᠢ︾᠂ ︽ᠰᠠᠶᠢᠨ ᠬᠠᠳᠠᠮ ᠡᠵᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠣᠯᠪᠠᠰᠤᠨ ᠬᠡᠪ ᠰᠤᠷᠲᠠᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ ᠂ ︽ᠪᠦᠲᠦᠭᠡᠨ ᠪᠠᠶᠢᠭᠤᠯᠤᠯᠲᠠ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ᠂ ᠬᠥᠮᠦᠨ ᠪᠦᠬᠦᠨ ᠣᠷᠣᠯᠴᠠᠬᠤ ᠶᠢ ᠳᠡᠮᠵᠢᠬᠦ︾ ᠰᠢᠨ᠎ᠡ ᠪᠠᠶᠢᠳᠠᠯ ᠢ ᠪᠣᠢ ᠪᠣᠯᠭᠠᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠤᠯᠠᠮᠵᠢᠯᠠᠯᠲᠤ ᠪᠠᠶᠠᠷ ᠤᠨ ᠡᠳᠦᠷ ᠵᠡᠷᠭᠡ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠵᠤ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠠᠷᠠᠳ ᠲᠤ ᠣᠷᠣᠰᠢᠨ ᠲᠣᠭᠲᠠᠨᠢᠬᠤ ᠶᠢ ᠭᠡᠷᠡᠴᠢᠯᠡᠬᠦ᠂ ᠦᠰᠦ ᠵᠠᠰᠠᠬᠤ᠂ ᠵᠡᠮᠳᠡᠭᠴᠦᠳ ᠢ ᠬᠠᠪᠰᠤᠷᠬᠤ ᠵᠢᠴᠢ ᠲᠣᠰᠬᠤᠨ ᠤ ᠨᠠᠰᠤᠲᠠᠨ ᠢ ᠬᠠᠪᠰᠤᠷᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠶᠢ ᠭᠦᠢᠴᠡᠳᠬᠡᠵᠦ᠂ ᠰᠠᠶᠢᠨ ᠳᠤᠷ᠎ᠠ ᠶᠢᠨ ᠠᠵᠢᠯᠯᠠᠭᠰᠠᠳ ᠬᠠᠯᠠᠭᠤᠨ ᠳᠤᠯᠠᠭᠠᠨ ᠦᠭᠡ ᠬᠡᠯᠡ ᠪᠠᠷ ᠨᠠᠮ ᠤᠨ ᠳᠠᠭᠤᠨ ᠢ ᠳᠠᠮᠵᠢᠭᠤᠯᠵᠤ᠂ ᠬᠤᠵᠢᠮ ᠤᠨ ᠬᠤ᠋ ᠵᠢᠢ ᠲᠤ  ᠶᠢᠨ ᠦᠯᠢᠭᠡᠷ ᠢ ᠰᠠᠶᠢᠲᠤᠷ ᠶᠠᠷᠢᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号