ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ - ᠰᠢᠩ ᠱᠦᠨ ᠰᠢ ᠪᠠᠯᠭᠠᠰᠤ ᠨᠢ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ | ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠵᠠᠰᠠᠮᠠᠯ ᠵᠠᠮ ᠤᠨ | ᠰᠠᠭᠤᠷᠢ ᠪᠡᠯᠡᠳᠬᠡᠮᠵᠢ ᠶᠢ ᠨᠡᠩ ᠰᠠᠶᠢᠲᠤᠷ ᠬᠠᠮᠠᠭᠠᠯᠠᠵᠤ᠂ ᠪᠦᠬᠦ ᠪᠠᠯᠭᠠᠰᠤᠨ ᠤ ᠵᠠᠮ ᠲᠡᠭᠡᠭᠡᠪᠦᠷᠢ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠣᠮᠣ | ᠪᠠᠷᠠᠭ᠎ᠠ ᠶᠢᠨ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠵᠦ᠂ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠬᠦ ᠶᠢ ᠦᠨᠡᠨᠬᠦ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠠᠳᠠᠯ ᠭᠠᠷᠬᠤ ᠶᠢ ᠪᠦᠲᠦᠮᠵᠢᠲᠡᠢ | ᠬᠤᠷᠢᠭᠯᠠᠵᠤ᠂ ᠪᠠᠯᠭᠠᠰᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ | ᠬᠠᠮᠠᠭᠠᠯᠠᠪᠠ᠃ | 11 ᠰᠠᠷ᠎ᠠ ᠶᠢᠨ ᠳᠤᠮᠳᠠᠴᠢ ᠠᠴᠠ ᠡᠬᠢᠯᠡᠨ᠂ G210 ᠱᠤᠭᠤᠮ᠂ X085 ᠱᠤᠭᠤᠮ᠂ X086 | ᠱᠤᠭᠤᠮ ᠤᠨ ᠬᠡᠰᠡᠭ ᠲᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠪᠡ᠃ ᠠᠵᠢᠯᠯᠠᠭ᠎ᠠ ᠶᠢᠨ | ᠳᠤᠮᠳᠠ᠂ ᠬᠡᠰᠡᠭ ᠲᠣᠮᠣ ᠪᠠᠷᠠᠭᠠᠨ ᠤ ᠲᠡᠷᠭᠡ ᠶᠢᠨ ᠲᠡᠷᠭᠡ ᠶᠠᠪᠤᠭᠤᠯᠬᠤ ᠵᠢᠮ᠎ᠡ ᠬᠠᠤᠯᠢ ᠳᠤ ᠴᠢᠭᠯᠡᠭᠦᠯᠦᠨ᠂ ︽ | ᠴᠡᠭ ᠲᠤ ᠰᠠᠭᠤᠵᠤ ᠰᠢᠯᠵᠢᠬᠦ︾ ᠬᠠᠮᠲᠤᠷᠠᠭᠰᠠᠨ ᠬᠠᠤᠯᠢ ᠬᠡᠷᠡᠭᠵᠢᠭᠦᠯᠬᠦ ᠡᠭᠦᠷᠭᠡ ᠭᠦᠢᠴᠡᠳᠬᠡᠬᠦ ᠵᠠᠭᠪᠤᠷ ᠢᠶᠠᠷ ᠲᠣᠮᠣ | ᠪᠠᠷᠠᠭᠠᠨ ᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠳᠤᠷ᠎ᠠ ᠪᠠᠷ ᠢᠶᠠᠨ ᠥᠭᠡᠷᠡᠴᠢᠯᠡᠨ | ᠤᠭᠰᠠᠷᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ | ᠃ ᠳᠠᠭᠠᠭᠠᠴᠠ ᠠᠴᠠ ᠬᠡᠲᠦᠷᠡᠭᠰᠡᠨ ᠢᠶᠠᠷ ᠰᠡᠵᠢᠭᠯᠡᠭᠳᠡᠭᠰᠡᠨ ᠪᠠᠷᠠᠭᠠᠨ ᠤ ᠲᠡᠷᠭᠡ ᠶᠢ ᠲᠤᠬᠠᠢ ᠶᠢᠨ ᠭᠠᠵᠠᠷ ᠲᠤᠨᠢ | ᠵᠢᠩᠯᠡᠵᠦ᠂ ᠳᠠᠭᠠᠭᠠᠴᠠ ᠠᠴᠠ ᠬᠡᠲᠦᠷᠡᠭᠰᠡᠨ ᠬᠡᠰᠡᠭ ᠪᠠᠷᠠᠭ᠎ᠠ ᠶᠢ ᠠᠴᠢᠶ᠎ᠠ ᠪᠠᠭᠤᠯᠭᠠᠬᠤ ᠰᠢᠯᠵᠢᠭᠦᠯᠦᠨ ᠠᠴᠢᠶᠠᠯᠠᠨ | ᠰᠢᠢᠳᠪᠦᠷᠢᠯᠡᠵᠦ᠂ ᠴᠢᠩᠭ᠎ᠠ ᠪᠠᠶᠢᠴᠠᠭᠠᠬᠤ᠂ ᠴᠢᠩᠭ᠎ᠠ ᠬᠠᠮᠢᠶᠠᠷᠬᠤ᠂ ᠴᠢᠩᠭ᠎ᠠ ᠰᠢᠳᠬᠡᠬᠦ ᠪᠠᠶᠢᠳᠠᠯ ᠢ ᠢᠮᠠᠭᠲᠠ | ᠪᠠᠲᠤᠯᠠᠵᠤ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠢ᠃ | ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ ᠲᠤᠤᠱᠯᠠᠭᠤᠯᠵᠤ᠂ ᠵᠠᠮ ᠬᠠᠷᠢᠯᠴᠠᠭᠠᠨ ᠤ | ᠠᠶᠠᠨᠴᠢᠳ ᠲᠤ ᠬᠠᠨᠳᠤᠭᠤᠯᠤᠨ ᠵᠠᠮ ᠬᠠᠷᠢᠯᠴᠠᠭᠠᠨ ᠤ ᠠᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ | ᠥᠭᠴᠦ᠂ ᠵᠠᠮ ᠬᠠᠷᠢᠯᠴᠠᠭᠠᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ | ᠪᠠᠷᠠᠭᠠᠨ ᠤ ᠲᠡᠷᠭᠡ ᠶᠢᠨ ᠵᠢᠯᠣᠭᠤᠴᠢ ᠶᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ | ᠠᠮᠤᠷ ᠲᠦᠪᠰᠢᠨ ᠤ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠰᠢᠩ ᠱᠦᠨ ᠰᠢ ᠪᠠᠯᠭᠠᠰᠤ ᠪᠠᠯᠭᠠᠰᠤᠨ ᠤ ᠠᠵᠤ ᠠᠬᠤᠶᠢᠯᠠᠯ ᠵᠢᠴᠢ | ᠵᠢᠯᠣᠭᠤᠴᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠤᠬᠠᠭᠤᠯᠭ᠎ᠠ ᠬᠥᠮᠦᠵᠢᠯ ᠤᠨ ᠡᠷᠴᠢᠮ ᠢᠶᠠᠨ | ᠴᠢᠩᠭᠠᠷᠠᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠵᠢᠴᠢ ᠪᠠᠷᠠᠭᠠᠨ ᠤ ᠲᠡᠷᠭᠡ ᠶᠢᠨ | ᠵᠢᠯᠣᠭᠤᠴᠢ ᠶᠢᠨ ᠠᠮᠤᠷ ᠲᠦᠪᠰᠢᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠤᠯᠠᠭᠠᠨ ᠱᠤᠭᠤᠮ ᠤᠨ | ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠦᠨᠡᠨ ᠬᠦ ᠴᠢᠩᠭᠠᠳᠬᠠᠵᠤ᠂ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠳᠠᠯᠳᠠ ᠭᠡᠮ ᠢ ᠦᠨᠡᠨ ᠬᠦ ᠰᠡᠷᠭᠡᠶᠢᠯᠡᠨ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠠᠯ | ᠭᠠᠷᠬᠤ ᠶᠢ ᠬᠤᠷᠢᠭᠯᠠᠨ᠎ᠠ᠃ | |