ᠬᠥᠮᠦᠨ ᠢᠲᠡᠭᠡᠯ ᠦᠭᠡᠢ ᠪᠣᠯ ᠵᠤᠭᠰᠤᠯᠳᠠ ᠦᠭᠡᠢ᠂ ᠭᠡᠷ ᠪᠦᠯᠢ ᠢᠳᠡᠭᠡᠯ ᠦᠭᠡᠢ ᠪᠣᠯ ᠡᠪ ᠦᠭᠡᠢ᠂ ᠠᠵᠢᠯ | ᠦᠢᠯᠡᠰ ᠢᠲᠡᠭᠡᠯ ᠦᠭᠡᠢ ᠪᠣᠯ ᠮᠠᠨᠳᠤᠬᠤ ᠦᠭᠡᠢ᠂ ᠤᠯᠤᠰ ᠢᠲᠡᠭᠡᠯ ᠦᠭᠡᠢ ᠪᠣᠯ ᠲᠦᠪᠰᠢᠨ ᠦᠭᠡᠢ᠃ ︽ᠦᠨᠡᠨᠴᠢ | ᠢᠲᠡᠭᠡᠮᠵᠢᠲᠡᠢ︾ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠥᠷᠲᠡᠭ ᠢ ᠳᠠᠮᠵᠢᠭᠤᠯᠵᠤ᠂ | ᠢᠲᠡᠭᠡᠮᠵᠢ ᠶᠢᠨ ᠨᠡᠶᠢᠭᠡᠮ ᠢ ᠬᠠᠮᠲᠤ ᠪᠠᠷ ᠪᠠᠶᠢᠭᠤᠯᠵᠤ᠂ ᠥᠷᠭᠡᠨ ᠣᠯᠠᠨ ᠲᠦᠮᠡᠨ ᠤ ᠦᠨᠡᠨᠴᠢ ᠢᠲᠡᠭᠡᠮᠵᠢ ᠶᠢᠨ | ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠬᠤ ᠶᠢᠨ ᠲᠥᠯᠥᠭᠡ᠂ 12 ᠰᠠᠷ᠎ᠠ ᠶᠢᠨ 11 ᠤ ᠡᠳᠦᠷ᠂ ᠶᠢᠨ ᠬᠤᠤ ᠪᠠᠯᠭᠠᠰᠤ ᠦᠨᠡᠨᠴᠢ ᠢᠲᠡᠭᠡᠮᠵᠢ ᠶᠢᠨ | ᠤᠬᠠᠭᠤᠯᠤᠨ ᠲᠠᠶᠢᠯᠪᠤᠷᠢᠯᠠᠯᠲᠠ ᠶᠢ ᠲᠣᠰᠬᠤᠨ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ | ᠡᠷᠦᠬᠡ ᠳᠤ ᠣᠷᠣᠵᠤ ᠤᠬᠠᠭᠤᠯᠬᠤ᠂ ᠨᠢᠭᠤᠷᠲᠠᠨ ᠲᠠᠶᠢᠯᠪᠤᠷᠢᠯᠠᠬᠤ᠂ ᠲᠣᠮᠣ ᠳᠡᠯᠭᠡᠴᠡ ᠨᠡᠪᠲᠡᠷᠡᠭᠦᠯᠬᠦ ᠵᠡᠷᠭᠡ | ᠬᠡᠯᠪᠡᠷᠢ ᠪᠠᠷ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠰᠣᠶᠣᠯ ᠤᠨ ᠣᠶᠢᠯᠠᠭᠠᠭᠳᠠᠬᠤᠨ ᠢ ᠤᠬᠠᠭᠤᠯᠵᠤ᠂ | ᠦᠨᠡᠨᠴᠢ ᠢᠲᠡᠭᠡᠮᠵᠢ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ᠂ ᠭᠤᠣᠯᠳᠠᠭᠤ ᠠᠷᠠᠳ ᠣᠯᠠᠨ ᠳᠤ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠮᠠᠭᠤ ᠢᠲᠡᠭᠡᠮᠵᠢ ᠶᠢᠨ ᠦᠷ᠎ᠡ ᠳ᠋ᠦᠩ ᠵᠡᠷᠭᠡ ᠬᠠᠮᠢᠶ᠎ᠠ ᠪᠦᠬᠦᠢ | ᠮᠡᠳᠡᠯᠭᠡ ᠶᠢ ᠲᠠᠶᠢᠯᠪᠤᠷᠢᠯᠠᠨ ᠥᠭᠴᠦ᠂ ᠪᠠᠯᠭᠠᠰᠤᠨ ᠤ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳ ᠦᠨᠡᠨᠴᠢ ᠢᠲᠡᠭᠡᠮᠵᠢ ᠶᠢ ᠢᠳᠡᠪᠬᠢᠲᠡᠢ ᠦᠢᠯᠡᠳᠦᠯᠭᠡᠵᠢᠭᠦᠯᠵᠦ᠂ ︽ᠦᠨᠡᠨᠴᠢ ᠢᠲᠡᠭᠡᠮᠵᠢ ᠶᠢᠨ ᠦᠭᠡ | ᠬᠡᠯᠡᠵᠦ᠂ ᠦᠨᠡᠨᠴᠢ ᠢᠲᠡᠭᠡᠮᠵᠢ ᠶᠢᠨ ᠠᠵᠢᠯ ᠬᠢᠵᠦ᠂ ᠦᠨᠡᠨᠴᠢ ᠢᠲᠡᠭᠡᠮᠵᠢᠲᠡᠢ ᠬᠥᠮᠦᠨ ᠪᠣᠯᠬᠤ︾ ᠶᠢ ᠪᠡᠶᠡᠯᠡᠭᠦᠯᠪᠡ᠃ | ᠲᠤᠰ ᠤᠳᠠᠭᠠᠨ ᠤ ︽ᠦᠨᠡᠨᠴᠢ ᠢᠲᠡᠭᠡᠮᠵᠢᠲᠡᠢ ᠬᠥᠳᠡᠭᠡ ᠲᠣᠰᠬᠤᠨ ᠳᠤ ᠣᠷᠣᠬᠤ︾ ᠤᠬᠠᠭᠤᠯᠭ᠎ᠠ ᠶᠢᠨ | ᠠᠵᠢᠯᠯᠠᠭ᠎ᠠ ᠶᠢ ᠪᠦᠬᠦ ᠪᠠᠯᠭᠠᠰᠤᠨ ᠤ ᠬᠡᠪᠴᠢᠶᠡᠨ ᠳᠤ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠲᠦᠮᠡᠨ ᠤ | ᠢᠳᠡᠪᠬᠢᠲᠡᠢ ᠬᠦᠷᠢᠶᠡᠯᠡᠯ ᠪᠠ ᠳᠡᠮᠵᠢᠯᠭᠡ ᠶᠢ ᠣᠯᠪᠠ᠃ ᠵᠠᠷᠢᠮ ᠣᠯᠠᠨ ᠲᠦᠮᠡᠨ᠄ ᠦᠨᠡᠨᠴᠢ ᠢᠲᠡᠭᠡᠮᠵᠢ ᠪᠣᠯ ᠨᠢᠭᠡᠨ | ᠬᠥᠮᠦᠨ ᠤ ᠢᠲᠡᠭᠡᠯ ᠵᠣᠷᠢᠭ᠂ ᠶᠠᠰᠤ ᠴᠢᠨᠠᠷ᠂ ᠦᠨᠡᠨᠴᠢ ᠢᠲᠡᠭᠡᠮᠵᠢ ᠶᠢ ᠡᠷᠬᠢᠮᠯᠡᠳᠡᠭ ᠬᠥᠮᠦᠨ ᠲᠠᠢ ᠬᠠᠷᠢᠯᠴᠠᠬᠤ ᠳᠤ᠂ | ᠰᠠᠨᠠᠭ᠎ᠠ ᠠᠮᠤᠷ ᠮᠥᠷᠲᠡᠭᠡᠨ ᠲᠠᠭᠠᠲᠠᠢ᠂ ᠢᠲᠡᠭᠡᠯ ᠢᠶᠠᠨ ᠠᠯᠳᠠᠭᠰᠠᠨ ᠨᠢ ᠥᠪᠡᠷ ᠤᠨ ᠪᠡᠶ᠎ᠡ ᠪᠠᠨ ᠰᠦᠢᠳ ᠭᠡᠭᠰᠡᠨ | ᠶᠠᠪᠤᠳᠠᠯ ᠪᠣᠯᠤᠨ᠎ᠠ ᠭᠡᠵᠦ ᠢᠯᠡᠳᠬᠡᠪᠡ᠃ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠠᠷᠠᠳ ᠣᠯᠠᠨ ᠤ | ᠦᠨᠡᠨᠴᠢ ᠢᠲᠡᠭᠡᠮᠵᠢ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ | ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠨᠡᠶᠢᠭᠡᠮ ᠤᠨ ᠢᠲᠡᠭᠡᠮᠵᠢ ᠶᠢᠨ ᠰᠠᠶᠢᠨ ᠰᠠᠶᠢᠬᠠᠨ ᠣᠷᠴᠢᠨ | ᠨᠥᠬᠦᠴᠡᠯ ᠢ ᠪᠣᠢ ᠪᠣᠯᠭᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠠᠵᠢᠯᠯᠠᠭ᠎ᠠ ᠳᠤ ᠨᠡᠶᠢᠲᠡ 150 | ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠯ᠎ᠡ ᠲᠣᠰᠬᠤᠨ ᠤ ᠨᠠᠮ ᠤᠨ ᠬᠤᠷᠢᠶᠠᠨ ᠤ | ᠡᠯᠸᠺᠲᠷᠤᠨ ᠳᠡᠯᠭᠡᠴᠡ ᠳᠤ ᠬᠤᠯᠪᠣᠭᠳᠠᠯ ᠪᠦᠬᠦᠢ ᠤᠬᠠᠭᠤᠯᠭ᠎ᠠ ᠶᠢᠨ ᠤᠷᠢᠶ᠎ᠠ 20 ᠵᠤᠷᠪᠤᠰ ᠢ | ᠡᠷᠭᠢᠯᠳᠦᠭᠦᠯᠦᠨ ᠨᠡᠪᠲᠡᠷᠡᠭᠦᠯᠵᠦ᠂ 15 ᠡᠷᠦᠬᠡ ᠶᠢ ᠡᠷᠦᠬᠡ ᠳᠤ ᠣᠷᠣᠭᠤᠯᠪᠠ᠃ | ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠠᠵᠢᠯ ᠤᠨ ᠳᠤᠭᠤᠶᠢᠯᠠᠩ᠂ | ᠲᠣᠰᠬᠤᠨ ᠤ ᠶᠡᠭᠡ ᠪᠦᠷᠢᠶ᠎ᠡ᠂ ᠲᠣᠰᠬᠤᠨ ᠢᠶᠠᠷ ᠶᠠᠪᠤᠵᠤ ᠡᠷᠦᠬᠡ ᠳᠤ ᠣᠷᠣᠬᠤ ᠵᠡᠷᠭᠡ ᠬᠡᠯᠪᠡᠷᠢ ᠶᠢ ᠭᠦᠢᠴᠡᠳ | ᠠᠰᠢᠭᠯᠠᠨ ᠦᠨᠡᠨᠴᠢ ᠢᠲᠡᠭᠡᠮᠵᠢ ᠶᠢᠨ ᠰᠢᠷᠢᠰ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠦᠨᠡᠨᠴᠢ | ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠂ ᠢᠲᠡᠭᠡᠮᠵᠢ ᠶᠢᠨ ᠬᠥᠳᠡᠭᠡ ᠲᠣᠰᠬᠤᠨ ᠢ ᠬᠠᠮᠲᠤ ᠪᠠᠷ ᠪᠠᠶᠢᠭᠤᠯᠵᠤ᠂ | ᠦᠨᠡᠨᠴᠢ ᠢᠲᠡᠭᠡᠮᠵᠢ ᠶᠢᠨ ᠰᠤᠷᠲᠠᠯ ᠢ ᠬᠥᠳᠡᠭᠡ ᠲᠣᠰᠬᠤᠨ ᠤ ᠥᠨᠴᠥᠭ ᠪᠤᠯᠤᠩ ᠨᠢᠭᠡᠪᠦᠷᠢ ᠳᠤ ᠬᠦᠷᠭᠡᠨ᠎ᠡ᠃ | |