ᠰᠢ ᠶᠢᠨ ᠫᠢᠩ ᠶᠡᠷᠦᠩᠬᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ | ᠺᠠᠳ᠋ᠷᠴᠤᠳ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 10 ᠤ ᠡᠳᠦᠷ ᠰᠢᠶᠠ ᠱᠢ ᠬᠤᠤ | ᠪᠠᠯᠭᠠᠰᠤ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ | ᠥᠷᠨᠢᠭᠦᠯᠵᠦ᠂ ᠰᠢᠶᠠ ᠱᠢ ᠬᠤᠤ ᠪᠠᠯᠭᠠᠰᠤᠨ ᠳᠤ ᠪᠤᠭᠤᠲᠤ ᠬᠤᠲᠠ ᠶᠢᠨ ᠨᠠᠮ ᠤᠨ ᠬᠤᠷᠢᠶ᠎ᠡ ᠶᠢᠨ | ᠨᠠᠮ ᠤᠨ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠤᠬᠠᠭᠠᠨ ᠤ ᠵᠢᠭᠠᠨ ᠰᠤᠳᠤᠯᠬᠤ ᠲᠠᠰᠤᠭ ᠤᠨ | ᠡᠷᠬᠢᠯᠡᠭᠴᠢ᠂ ᠳᠡᠳ᠋ ᠫᠷᠤᠹᠧᠰᠰᠤᠷ᠂ ᠬᠤᠲᠠ ᠶᠢᠨ ᠨᠠᠮ ᠤᠨ ᠬᠤᠷᠢᠶ᠎ᠡ ᠶᠢᠨ ᠯᠧᠺᠲ᠋ᠣᠷ ᠤᠨ | ᠪᠦᠯᠬᠦᠮ ᠤᠨ ᠪᠦᠷᠢᠯᠳᠦᠬᠦᠨ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠣᠨᠣᠯ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠭᠡᠰᠢᠭᠦᠨ ᠼᠦᠢ ᠰᠢᠶᠣᠤ ᠬᠤᠢ ᠪᠠᠭᠰᠢ ᠶᠢ ᠲᠤᠰᠬᠠᠶᠢᠯᠠᠨ ᠤᠷᠢᠵᠤ ᠬᠢᠴᠢᠶᠡᠯ | ᠣᠷᠣᠭᠤᠯᠪᠠ᠂ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠭᠡᠰᠢᠭᠦᠨ᠂ ᠡᠯ᠎ᠡ ᠲᠣᠰᠬᠤᠨ ᠤ ᠨᠠᠮ ᠤᠨ ᠡᠭᠦᠷ ᠤᠨ | ᠱᠦᠵᠢ ᠪᠣᠯᠤᠨ ᠬᠡᠰᠡᠭ ᠲᠣᠰᠬᠤᠨ ᠳᠤ ᠨᠠᠮ ᠤᠨ ᠭᠡᠰᠢᠭᠦᠨ ᠪᠣᠯᠪᠠᠰᠤᠷᠠᠯ ᠳᠤ ᠣᠷᠣᠯᠴᠠᠭᠤᠯᠪᠠ᠃ | ᠼᠦᠢ ᠰᠢᠶᠣᠤ ᠬᠤᠢ ᠪᠠᠭᠰᠢ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠤᠬᠠᠭᠳᠠᠬᠤᠨ᠂ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠣᠨᠴᠠᠯᠢᠭ᠂ ᠣᠳᠣᠬᠠᠨ ᠤ ᠰᠦᠯᠵᠢᠶᠡᠨ ᠤ ᠦᠵᠡᠯ | ᠤᠬᠠᠮᠰᠠᠷ ᠤᠨ ᠬᠡᠯᠪᠡᠷᠢ ᠶᠢᠨ ᠪᠣᠳᠠᠲᠤ ᠪᠠᠶᠢᠳᠠᠯ ᠪᠠ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠵᠡᠷᠭᠡ ᠳᠥᠷᠪᠡᠨ | ᠬᠡᠰᠡᠭ ᠤᠨ ᠲᠣᠭᠤᠷᠢᠨ ᠳᠤ᠂ ᠠᠮᠢᠳᠤᠯᠢᠭ ᠦᠭᠡ ᠬᠡᠯᠡ ᠪᠠ ᠨᠠᠷᠢᠨ ᠪᠣᠳᠠᠲᠠᠢ ᠬᠡᠷᠡᠭ ᠤᠨ ᠵᠢᠱᠢᠶ᠎ᠡ ᠪᠠᠷ ᠭᠦᠨᠵᠡᠭᠡᠢ | ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠪᠣᠯᠪᠠᠰᠤᠷᠠᠯ ᠳᠤ ᠣᠷᠣᠯᠴᠠᠭᠰᠠᠨ ᠪᠦᠬᠦ ᠬᠥᠮᠦᠰ ᠲᠤ ᠰᠦᠯᠵᠢᠶᠡᠨ ᠤ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠰᠦᠯᠵᠢᠶᠡᠨ ᠤ | ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ ᠲᠦᠪᠰᠢᠨ ᠤ ᠲᠠᠨᠢᠯᠲᠠ ᠶᠢ ᠳᠡᠭᠡᠭᠰᠢᠯᠡᠭᠦᠯᠵᠦ᠂ ᠰᠢᠨ᠎ᠡ | ᠪᠠᠶᠢᠳᠠᠯ ᠳᠣᠣᠷᠠᠬᠢ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ | ᠃ | ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ︽ᠰᠡᠳᠬᠢᠬᠦᠢ ᠶᠢ ᠨᠢ ᠲᠠᠶᠢᠯᠬᠤ︾ ᠰᠡᠳᠬᠢᠬᠦᠢ ᠶᠢ ᠪᠠᠲᠤ ᠪᠣᠢ ᠪᠣᠯᠭᠠᠵᠤ᠂ ᠵᠥᠪ ᠲᠠᠯ᠎ᠠ ᠶᠢᠨ ᠶᠠᠷᠢᠶ᠎ᠠ | ᠬᠡᠯᠡᠯᠴᠡᠭᠡᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠠᠷᠢᠭᠤᠨ ᠴᠡᠪᠡᠷ᠂ ᠡᠷᠡᠭᠦᠯ ᠴᠢᠭᠢᠷᠠᠭ᠂ ᠠᠮᠤᠷ ᠲᠦᠪᠰᠢᠨ | ᠰᠦᠯᠵᠢᠶᠡᠨ ᠤ ᠣᠷᠣᠨ ᠵᠠᠢ ᠶᠢ ᠦᠷᠭᠦᠯᠵᠢᠯᠡᠨ ᠪᠤᠢ ᠪᠣᠯᠭᠠᠨ᠎ᠠ᠃ | |