ᠰᠢ ᠳ᠋ᠧᠦ ᠫᠦ᠋ ᠪᠠᠯᠭᠠᠰᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/13
    2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠠ ᠬᠠᠷᠠᠯᠲᠠ ᠡᠭᠦᠷᠭᠡ ᠶᠢ ᠴᠢᠨᠠᠷ ᠰᠠᠶᠢᠲᠠᠢ ᠠᠬᠢᠭᠤᠯᠬᠤ ᠶᠢᠨ ᠲᠥᠯᠥᠭᠡ᠂ ᠤᠬᠠᠭᠤᠯᠭ᠎ᠠ ᠶᠢᠨ ᠠᠵᠢᠯ ᠤᠨ ᠣᠯᠠᠨ ᠲᠦᠮᠡᠨ ᠲᠠᠢ ᠤᠢᠢᠷᠠᠳᠤᠭᠰᠠᠨ᠂ ᠠᠮᠢᠵᠢᠷᠠᠯ ᠤᠨ ᠬᠦᠴᠦᠨ ᠲᠠᠢ᠂ ᠦᠷᠭᠦᠯᠵᠢᠯᠡᠬᠦ ᠶᠢ ᠠᠬᠢᠭᠤᠯᠵᠤ᠂ 12 ᠰᠠᠷ᠎ᠠ ᠶᠢᠨ 11 ᠤ ᠡᠳᠦᠷ᠂ ᠰᠢ ᠳ᠋ᠧᠦ ᠫᠦ᠋ ᠪᠠᠯᠭᠠᠰᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠯᠢᠩ ᠪᠢᠨ ᠬᠤᠷᠠᠯ ᠢ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠪᠠᠯᠭᠠᠰᠤᠨ ᠤ ᠺᠠᠳ᠋ᠷ᠂ ᠡᠯ᠎ᠡ ᠲᠣᠰᠬᠤᠨ ᠤ ᠤᠬᠠᠭᠤᠯᠬᠤ ᠠᠵᠢᠯᠲᠠᠳ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠲᠡᠭᠦᠨ ᠤ ᠭᠤᠣᠯ ᠠᠭᠤᠯᠭ᠎ᠠ ᠪᠠ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠪᠠ᠃ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠢ ᠭᠠᠩ ᠰᠢ ᠳ᠋ᠧᠦ ᠫᠦ᠋ ᠪᠠᠯᠭᠠᠰᠤᠨ ᠤ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠡᠯ᠎ᠡ ᠲᠣᠰᠬᠤᠨ ᠤ ᠤᠬᠠᠭᠤᠯᠭ᠎ᠠ ᠶᠢᠨ ᠠᠵᠢᠯ ᠤᠨ ᠬᠠᠷᠢᠭᠤᠴᠠᠯᠭᠠᠲᠠᠨ ᠤᠬᠠᠭᠤᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠠᠴᠠ ᠰᠢ ᠳ᠋ᠧᠦ ᠫᠦ᠋ ᠪᠠᠯᠭᠠᠰᠤᠨ ᠤ ᠣᠨᠴᠠᠯᠢᠭᠲᠤ ᠰᠢᠷᠢᠰ ᠰᠡᠳᠬᠢᠯᠭᠡ ᠶᠢᠨ ᠪᠠᠭᠯᠠᠭ᠎ᠠ ᠶᠢ ᠨᠡᠶᠢᠲᠡᠯᠡᠵᠦ᠂ ᠪᠠᠶᠠᠷ ᠤᠨ ᠡᠳᠦᠷ ᠤᠨ ᠵᠥᠩᠨᠡᠯ᠂ ᠣᠷᠣᠨ ᠨᠤᠲᠤᠭ ᠤᠨ ᠰᠠᠶᠢᠨ ᠪᠣᠳᠠᠰ᠂ ᠨᠤᠲᠤᠭ ᠤᠨ ᠬᠠᠶᠢᠷ᠎ᠠ ᠰᠡᠳᠬᠢᠯᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠣᠯᠠᠨ ᠵᠦᠢᠯ ᠤᠨ ᠠᠭᠤᠯᠭ᠎ᠠ ᠶᠢ ᠨᠡᠶᠢᠲᠡᠯᠡᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯ ᠤᠨ ᠭᠢᠯᠠᠰ ᠴᠡᠭ ᠢ ᠪᠣᠢ ᠪᠣᠯᠭᠠᠬᠤ ᠠᠰᠢᠭᠲᠠᠢ ᠲᠤᠷᠰᠢᠯᠲᠠ ᠪᠣᠯᠤᠨ᠎ᠠ᠃    ᠬᠤᠷᠠᠯ ᠠᠴᠠ ᠴᠢᠬᠤᠯᠠᠴᠢᠯᠠᠭᠰᠠᠨ ᠨᠢ᠂ ᠤᠬᠠᠭᠤᠯᠭ᠎ᠠ ᠶᠢᠨ ᠠᠵᠢᠯ ᠪᠣᠯ ᠠᠷᠠᠳ ᠤᠨ ᠰᠡᠳᠬᠢᠯ ᠢ ᠨᠢᠭᠲᠠᠷᠠᠭᠤᠯᠬᠤ ᠂ ᠠᠷᠠᠳ ᠤᠨ ᠬᠦᠴᠦᠨ ᠢ ᠨᠢᠭᠲᠠᠷᠠᠭᠤᠯᠬᠤ ᠵᠠᠩᠭᠢᠯᠠᠭ᠎ᠠ ᠶᠢᠨ ᠬᠥᠭᠦᠷᠭᠡ ᠮᠥᠨ᠂ ᠪᠠᠰᠠ ᠴᠤ ᠰᠢ ᠳ᠋ᠧᠦ ᠫᠦ᠋ ᠪᠠᠯᠭᠠᠰᠤᠨ ᠤ ᠳᠦᠷᠢ ᠲᠥᠷᠬᠦ ᠶᠢ ᠢᠯᠡᠷᠡᠭᠦᠯᠬᠦ᠂ ᠠᠯᠳᠠᠷᠰᠢᠯ ᠪᠣᠯᠤᠨ ᠢᠷᠠᠭᠤ ᠠᠯᠳᠠᠷ ᠢ ᠳᠡᠭᠡᠭᠰᠢᠯᠡᠭᠦᠯᠬᠦ ᠴᠢᠬᠤᠯᠠ ᠴᠣᠩᠬᠤ ᠮᠥᠨ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠪᠠᠷ ᠠᠬᠢᠭᠤᠯᠬᠤ ᠬᠡᠷᠡᠭᠲᠡᠢ᠃ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠤᠬᠠᠭᠤᠯᠭ᠎ᠠ ᠶᠢᠨ ᠠᠵᠢᠯ ᠤᠨ ᠬᠦᠴᠦᠯᠡᠬᠦ ᠴᠡᠭ ᠪᠠ ᠲᠤᠰᠤᠯᠲᠠ ᠪᠠᠨ ᠣᠨᠣᠪᠴᠢᠲᠠᠢ ᠡᠷᠢᠨ ᠣᠯᠵᠤ᠂ ᠤᠬᠠᠭᠤᠯᠭ᠎ᠠ ᠶᠢᠨ ᠭᠤᠣᠯ ᠰᠡᠳᠦᠪ ᠢᠶᠠᠨ ᠲᠠᠰᠤᠷᠠᠯᠲᠠ ᠦᠭᠡᠢ ᠥᠷᠭᠡᠳᠬᠡᠨ᠂ ᠤᠬᠠᠭᠤᠯᠭ᠎ᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠡᠳᠦᠷ ᠲᠤᠲᠤᠮ ᠤᠨ ᠠᠵᠢᠯ ᠢᠶᠠᠨ ᠬᠠᠮᠢᠭ᠎ᠠ ᠬᠦᠷᠲᠡᠯ᠎ᠡ ᠥᠷᠨᠢᠭᠦᠯᠬᠦ ᠬᠡᠷᠡᠭᠲᠡᠢ᠂ ᠤᠬᠠᠭᠤᠯᠭ᠎ᠠ ᠶᠢᠨ ᠠᠵᠢᠯ ᠢ ᠲᠡᠨᠳᠡ ᠬᠦᠷᠲᠡᠯ᠎ᠡ ᠤᠷᠲᠤᠳᠬᠠᠨ᠎ᠠ᠃ ᠬᠤᠶᠠᠷ ᠲᠤ᠂ ᠭᠤᠣᠯᠳᠠᠯᠭ᠎ᠠ ᠪᠠᠨ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠡᠮᠬᠢ ᠴᠡᠭᠴᠡ ᠲᠠᠢ ᠠᠬᠢᠭᠤᠯᠬᠤ ᠬᠡᠷᠡᠭᠲᠡᠢ᠃ ᠡᠯ᠎ᠡ ᠲᠣᠰᠬᠤᠨ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠭᠠᠷᠳᠠᠬᠤ ᠴᠡᠭ ᠢ ᠣᠨᠣᠪᠴᠢᠲᠠᠢ ᠣᠯᠵᠤ᠂ ᠰᠢ ᠳ᠋ᠧᠦ ᠫᠦ᠋ ᠪᠠᠯᠭᠠᠰᠤᠨ ᠤ ᠦᠯᠢᠭᠡᠷ ᠢ ᠰᠠᠶᠢᠲᠤᠷ ᠶᠠᠷᠢᠵᠤ᠂ ᠰᠢ ᠳ᠋ᠧᠦ ᠫᠦ᠋ ᠪᠠᠯᠭᠠᠰᠤᠨ ᠤ ᠳᠠᠭᠤᠨ ᠢ ᠰᠠᠶᠢᠲᠤᠷ ᠳᠠᠮᠵᠢᠭᠤᠯᠬᠤ ᠬᠡᠷᠡᠭᠲᠡᠢ᠃ ᠭᠤᠷᠪᠠ ᠳᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠪᠠᠯᠭᠠᠰᠤᠨ ᠤ ᠤᠬᠠᠭᠤᠯᠭ᠎ᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠵᠢᠯ ᠤᠨ ᠳᠤᠮᠳᠠ ᠪᠠᠨ ᠣᠷᠣᠯᠴᠠᠵᠤ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠶᠠᠰᠤ ᠴᠢᠨᠠᠷ ᠶᠣᠰᠣᠭᠠᠷ ᠪᠡᠶᠡᠯᠡᠭᠦᠯᠬᠦ ᠶᠢ ᠪᠠᠲᠤᠯᠠᠵᠤ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号