ᠶᠢᠨ ᠬᠤᠤ ᠪᠠᠯᠭᠠᠰᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠪᠡ
ᠨᠡᠶᠢᠲᠡᠯᠡᠭᠰᠡᠨ ᠴᠠᠭ᠄
2024/12/16
    ︽ᠲᠠᠶᠢᠯᠬᠤ ᠰᠡᠳᠬᠢᠬᠦᠢ ᠶᠢ ᠪᠣᠢ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ ᠂ ᠶᠢᠨ ᠬᠤᠤ ᠪᠠᠯᠭᠠᠰᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠳᠤ ᠲᠦᠰᠢᠭᠯᠡᠨ᠂ ᠳ᠋ᠠ ᠮᠢᠶᠣᠣ ᠲᠣᠰᠬᠤᠨ᠂ ᠱᠦᠢ ᠴᠢᠦᠸᠡᠨ ᠲᠣᠰᠬᠤᠨ ᠤ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠦᠷᠭᠦᠯᠵᠢᠯᠡᠨ ᠳᠡᠯᠭᠡᠷᠡᠭᠦᠯᠵᠦ᠂ ᠲᠡᠷᠢᠭᠦᠨ ᠤ ᠬᠢ ᠲᠠᠢ ᠬᠠᠷᠭᠤᠭᠤᠯᠬᠤ᠂ ᠲᠡᠷᠢᠭᠦᠨ ᠤ ᠬᠢ ᠶᠢ ᠡᠷᠡᠯᠬᠡᠭᠯᠡᠨ ᠲᠡᠮᠡᠴᠡᠬᠦ ᠪᠠᠷ ᠳᠠᠮᠵᠢᠭᠤᠯᠤᠨ᠂ ᠭᠦᠶᠡᠩ ᠰᠢᠶᠠᠨ ᠤ ᠲᠠᠪᠤᠳᠤᠭᠠᠷ ᠬᠤᠭᠤᠴᠠᠭᠠᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠭᠠᠪᠢᠶ᠎ᠠ ᠶᠢ ᠠᠳᠠᠯᠢᠳᠬᠠᠨ ᠪᠠᠶᠢᠭᠤᠯᠵᠤ︾ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠪᠠᠯᠭᠠᠰᠤᠨ ᠳᠤ ᠴᠢ ᠪᠢᠳᠡᠨ ᠢ ᠬᠥᠭᠡᠭᠡᠴᠡᠯᠳᠦᠬᠦ᠂ ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠪᠠ᠃    ᠱᠦᠢ ᠴᠢᠦᠸᠡᠨ ᠲᠣᠰᠬᠤᠨ ᠳ᠋ᠠ ᠮᠢᠶᠣᠣ ᠲᠣᠰᠬᠤᠨ ︽ᠵᠢᠩᠬᠢᠨᠢ ᠦᠢᠯᠡ ᠠᠵᠢᠯ︾ ᠢᠶᠠᠨ ᠭᠠᠷᠭᠠᠨ᠎ᠠ᠃    ᠤᠷᠤᠯᠳᠤᠭᠠᠨ ᠢ ᠬᠤᠶᠠᠷ ᠱᠠᠲᠤ ᠬᠤᠪᠢᠶᠠᠨ᠎ᠠ᠃ ᠨᠢᠭᠡᠳᠦᠭᠡᠷ ᠱᠠᠲᠤ ᠦᠶ᠎ᠡ ᠪᠣᠯ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠱᠦᠢ ᠴᠢᠦᠸᠡᠨ ᠲᠣᠰᠬᠤᠨ ᠲᠣᠰᠬᠤᠨ ᠤ ᠬᠠᠮᠲᠤ ᠶᠢᠨ ᠠᠵᠤ ᠠᠬᠤᠢ ᠪᠠᠷ ᠰᠠᠭᠤᠷᠢ ᠪᠣᠯᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠦᠯᠡᠮᠵᠢ ᠶᠢᠨ ᠠᠵᠤ ᠠᠬᠤᠢ ᠶᠢ ᠬᠥᠭᠵᠢᠭᠦᠯᠵᠦ᠂ ᠤᠰᠤᠨ ᠪᠤᠯᠠᠭ ᠤᠨ ᠲᠦᠷᠦᠯ ᠲᠡᠮᠳᠡᠭ ᠢ ᠪᠣᠢ ᠪᠣᠯᠭᠠᠬᠤ ᠶᠢᠨ ᠬᠠᠮᠲᠤ ︽ᠭᠤᠷᠪᠠ ᠶᠢ ᠡᠷᠬᠢᠮᠯᠡᠬᠦ᠂ ᠭᠤᠷᠪᠠ ᠶᠢ ᠢᠯᠡ ᠪᠣᠯᠭᠠᠬᠤ᠂ ᠭᠤᠷᠪᠠ ᠳᠤ ᠦᠢᠯᠡᠴᠢᠯᠡᠬᠦ︾ ︽ᠭᠤᠷᠪᠠᠨ ᠭᠤᠷᠪᠠ︾ ᠶᠢᠨ ᠠᠵᠢᠯ ᠤᠨ ᠰᠡᠳᠬᠢᠴᠡ ᠶᠢ ᠳᠡᠯᠭᠡᠷᠡᠭᠦᠯᠵᠦ᠂ ᠭᠢᠯᠠᠰ ᠴᠡᠭ ᠵᠠᠯᠭᠠᠭ᠎ᠠ ᠪᠠᠷ ᠭᠠᠷᠪᠠ᠃ ᠳ᠋ᠠ ᠮᠢᠶᠣᠣ ᠲᠣᠰᠬᠤᠨ ᠠᠭᠤᠯᠠ ᠤᠰᠤ ᠶᠢ ᠲᠦᠰᠢᠭᠯᠡᠭᠰᠡᠨ ᠭᠠᠵᠠᠷ ᠵᠦᠢ ᠶᠢᠨ ᠳᠠᠪᠠᠭᠤᠯᠢᠭ ᠢ ᠠᠰᠢᠭᠯᠠᠵᠤ᠂ ᠵᠤᠭᠠᠴᠠᠯ ᠤᠨ ᠲᠥᠷᠥᠯ ᠵᠦᠢᠯ ᠢ ᠬᠥᠭᠵᠢᠭᠦᠯᠵᠦ᠂ ︽ᠲᠠᠷᠢᠶᠠᠯᠠᠩ ᠵᠤᠭᠠᠴᠠᠯ ᠢ ᠤᠶᠠᠯᠳᠤᠭᠤᠯᠬᠤ᠂ ᠲᠠᠷᠢᠶᠠᠯᠠᠩ ᠢᠶᠠᠷ ᠵᠤᠭᠠᠴᠠᠯ ᠢ ᠠᠬᠢᠭᠤᠯᠬᠤ᠂ ᠵᠤᠭᠠᠴᠠᠯ ᠢᠶᠠᠷ ᠲᠠᠷᠢᠶᠠᠯᠠᠩ ᠢ ᠬᠥᠭᠵᠢᠭᠦᠯᠬᠦ︾ ᠬᠥᠭᠵᠢᠯᠲᠡ ᠶᠢᠨ ᠪᠠᠶᠢᠷᠢᠰᠢᠯ ᠶᠣᠰᠣᠭᠠᠷ᠂ ︽ᠲᠠᠷᠢᠶᠠᠯᠠᠩ ᠰᠣᠶᠣᠯ ᠵᠤᠭᠠᠴᠠᠯ︾ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃    ᠬᠤᠶᠠᠳᠤᠭᠠᠷ ᠱᠠᠲᠤ ᠦᠶ᠎ᠡ ᠨᠢ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ ᠠᠴᠠ ︿ᠰᠠᠶᠢᠨ ᠲᠤᠷᠰᠢᠯᠭ᠎ᠠ﹀ ᠪᠠᠨ ᠰᠣᠯᠢᠯᠴᠠᠬᠤ︾ ᠪᠣᠯᠤᠨ᠎ᠠ᠃ ᠱᠦᠢ ᠴᠢᠤᠸᠠᠨ ᠲᠣᠰᠬᠤᠨ ᠤ ᠨᠠᠮ ᠤᠨ ᠡᠭᠦᠷ ᠤᠨ ᠱᠦᠵᠢ ᠰᠦ᠋ ᠵᠢᠶᠠᠨ ᠵᠢᠶᠦ᠋ᠨ᠂ ᠳ᠋ᠠ ᠮᠢᠶᠣᠣ ᠲᠣᠰᠬᠤᠨ ᠤ ᠨᠠᠮ ᠤᠨ ᠡᠭᠦᠷ ᠤᠨ ᠱᠦᠵᠢ ᠯᠢ ᠽᠧ ᠶᠠᠩ ︽ᠵᠢᠩᠬᠢᠨᠢ ᠡᠷᠳᠡᠮ ᠴᠢᠳᠠᠪᠤᠷᠢ︾ ᠭᠠᠷᠭᠠᠵᠤ᠂ PPT ᠪᠠᠷ ᠳᠡᠯᠭᠡᠨ ᠦᠵᠡᠭᠦᠯᠵᠦ᠂ ᠦᠨᠡᠨ ᠪᠣᠳᠠᠲᠠᠢ ᠲᠤᠭ᠎ᠠ ᠪᠠᠷᠢᠮᠲᠠ᠂ ᠠᠮᠢᠳᠤᠯᠢᠭ ᠬᠡᠷᠡᠭ ᠤᠨ ᠵᠢᠱᠢᠶ᠎ᠡ ᠪᠣᠯᠤᠨ ᠪᠣᠳᠠᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠢᠶᠠᠷ ᠳᠠᠮᠵᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ︽ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ︾᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ︽ᠢᠯᠡ ᠨᠡᠶᠢᠲᠡᠯᠡᠭᠰᠡᠨ︾ ᠠᠮᠵᠢᠯᠲᠠ ᠪᠦᠲᠦᠮᠵᠢ᠂ ︽ᠤᠯᠠᠮᠵᠢᠯᠠᠭᠰᠠᠨ︾ ᠲᠤᠷᠰᠢᠯᠭ᠎ᠠ᠂ ︽ᠣᠶᠢᠯᠠᠭᠠᠬᠤ︾ ᠬᠥᠭᠵᠢᠯᠲᠡ ᠲᠡᠳᠡ ︽ᠰᠢᠨ᠎ᠡ ᠰᠡᠳᠬᠢᠴᠡ︾ ᠶᠢ ᠭᠠᠷᠭᠠᠵᠤ᠂ ︽ᠵᠢᠩᠬᠢᠨᠢ ᠴᠢᠳᠠᠪᠤᠷᠢ︾᠂ ︽ᠵᠢᠩᠬᠢᠨᠢ ᠴᠢᠳᠠᠪᠤᠷᠢ︾ ᠶᠢ ᠤᠷᠤᠯᠳᠤᠵᠤ᠂ ᠱᠦᠢ ᠴᠢᠦᠸᠡᠨ ᠲᠣᠰᠬᠤᠨ ᠤ ︽ᠷᠢᠳᠢ ᠰᠢᠳᠢ︾᠂ ᠳ᠋ᠠ ᠮᠢᠶᠣᠣ ᠲᠣᠰᠬᠤᠨ ᠤ ︽ᠦᠵᠡᠰᠬᠦᠯᠡᠩᠲᠦ ᠰᠠᠶᠢᠬᠠᠨ ᠦᠵᠡᠮᠵᠢ︾ ᠶᠢ ᠢᠯᠡᠷᠡᠭᠦᠯᠪᠡ᠃ ᠡᠨᠡ ᠬᠦ ᠬᠡᠯᠪᠡᠷᠢ ᠪᠠᠷ ᠳᠠᠮᠵᠢᠭᠤᠯᠤᠨ᠂ ︽ᠮᠣᠷᠢᠨ ᠤᠷᠤᠯᠳᠤᠭᠠᠨ︾ ᠤ ᠦᠢᠯᠡᠳᠦᠯ ᠢ ᠬᠥᠭᠵᠢᠭᠡᠵᠦ᠂ ᠪᠦᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ᠃ ᠬᠤᠷᠴᠠ ᠰᠢᠷᠦᠭᠦᠨ ᠪᠥᠭᠡᠳ ᠭᠤᠶᠢᠳᠠ ᠰᠠᠶᠢᠬᠠᠨ ᠥᠷᠢᠰᠥᠯᠳᠦᠭᠡᠨ ᠢᠶᠠᠷ ᠳᠠᠮᠵᠢᠨ᠂ ᠱᠦᠢ ᠴᠢᠦᠸᠡᠨ ᠲᠣᠰᠬᠤᠨ᠂ ᠳ᠋ᠠ ᠮᠢᠶᠣᠣ ᠲᠣᠰᠬᠤᠨ ᠲᠤᠰ ᠲᠤᠰ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠰᠠᠶᠢᠨ ᠬᠢᠷᠢ ᠪᠦᠲᠦᠮᠵᠢ ᠶᠢ ᠣᠯᠪᠠ᠃    ᠶᠢᠨ ᠬᠤᠤ ᠪᠠᠯᠭᠠᠰᠤ ︽ᠲᠠᠶᠢᠯᠬᠤ ᠰᠡᠳᠬᠢᠬᠦᠢ ᠲᠠᠢ ᠪᠠᠶᠢᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢᠨ ᠦᠵᠡᠯ ᠰᠠᠨᠠᠭᠠᠨ ᠤ ᠵᠢᠯᠣᠭᠤᠳᠣᠯᠭ᠎ᠠ ᠪᠠ ᠦᠢᠯᠡᠳᠦᠯᠭᠡ ᠶᠢᠨ ᠠᠬᠢᠭᠤᠯᠬᠤ ᠬᠦᠴᠦᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠰᠡᠳᠬᠢᠬᠦᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠩ ᠥᠨᠳᠥᠷ ᠪᠠᠷᠢᠮᠵᠢᠶ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠡᠷᠢᠭᠦᠨ ᠤ ᠠᠮᠵᠢᠯᠲᠠ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ 
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号