ᠲᠥᠯᠥᠭᠡᠯᠡᠭᠴᠢ ︽ᠴᠠᠬᠢᠯᠭᠠᠨ ᠴᠡᠨᠡᠭᠯᠡᠬᠦ︾ ᠠᠷᠭ᠎ᠠ ᠪᠠᠷ ᠰᠢᠨ᠎ᠡ ᠡᠨᠧᠷᠭᠢ ᠤᠯᠭᠤᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠳᠤ ︽ᠠᠷᠭ᠎ᠠ ᠤᠬᠠᠭᠠᠨ ᠭᠠᠷᠭᠠᠵᠤ︾ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠨ᠎ᠡ᠃ | ᠰᠢᠩ ᠱᠦᠨ ᠰᠢ ᠪᠠᠯᠭᠠᠰᠤ᠂ ᠰᠢᠶᠠᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ | ᠦᠶᠤᠸᠠᠨ ᠰᠢᠶᠠᠨ ᠳᠤ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠪᠡ᠃ | ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠤᠯᠠᠮ ᠨᠢᠭᠡ ᠠᠯᠬᠤᠮ ᠰᠤᠷᠤᠯᠴᠠᠨ ᠲᠣᠯᠢᠳᠠᠵᠤ᠂ | ᠲᠥᠯᠥᠭᠡᠯᠡᠭᠴᠢᠳ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠦᠨᠳᠦᠰᠦᠨ ᠱᠠᠲᠤᠨ ᠤ ᠵᠠᠰᠠᠯᠲᠠ᠂ ᠠᠵᠤ | ᠦᠢᠯᠡᠰ ᠤᠨ ᠬᠥᠭᠵᠢᠯᠲᠡ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠤᠵᠠᠭᠠᠶᠢᠷᠠᠯ᠂ ᠣᠷᠣᠰᠢᠨ ᠰᠠᠭᠤᠬᠤ | ᠣᠷᠴᠢᠨ ᠲᠣᠭᠤᠷᠢᠨ ᠵᠡᠷᠭᠡ ᠲᠠᠯ᠎ᠠ ᠪᠠᠷ ᠬᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠦᠨᠡᠨ ᠬᠦ | ᠪᠠᠳᠠᠷᠠᠭᠤᠯᠬᠤ ᠶᠢᠨ ᠲᠥᠯᠥᠭᠡ᠂ 12 ᠰᠠᠷ᠎ᠠ ᠶᠢᠨ 9 ᠤ ᠡᠳᠦᠷ ᠠᠴᠠ 12 ᠰᠠᠷ᠎ᠠ ᠶᠢᠨ 10 ᠤ ᠡᠳᠦᠷ ᠪᠣᠯᠲᠠᠯ᠎ᠠ | ᠰᠢᠩ ᠱᠦᠨ ᠰᠢ ᠪᠠᠯᠭᠠᠰᠤᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠪᠯᠡᠷᠡᠩᠭᠦᠢ ᠰᠤᠷᠤᠯᠴᠠᠯᠭ᠎ᠠ | ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠡᠰᠡᠭ ᠲᠥᠯᠥᠭᠡᠯᠡᠭᠴᠢ᠂ ᠪᠠᠯᠭᠠᠰᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠡᠰᠡᠭ ᠪᠠᠶᠢᠭᠤᠯᠭ᠎ᠠ ᠶᠢᠨ ᠺᠠᠳ᠋ᠷ | ᠨᠡᠶᠢᠲᠡ 34 ᠬᠥᠮᠦᠨ ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠯᠴᠠᠪᠠ᠃ | ᠲᠤᠰ ᠤᠳᠠᠭᠠᠨ ᠤ ᠪᠣᠯᠪᠠᠰᠤᠷᠠᠭᠤᠯᠤᠯ ᠳᠤ ᠣᠨᠣᠯ ᠤᠨ ᠬᠡᠪ ᠴᠢᠨᠠᠷ ᠢᠶᠠᠷ ᠥᠨᠳᠥᠷ᠂ ᠠᠵᠢᠯ ᠤᠨ | ᠲᠤᠷᠰᠢᠯᠭ᠎ᠠ ᠪᠠᠷ ᠪᠠᠶᠠᠯᠢᠭ᠂ ᠵᠠᠬᠢᠳᠠᠯ ᠰᠤᠷᠪᠤᠯᠵᠢᠯᠠᠭ᠎ᠠ ᠪᠠ ᠬᠠᠤᠯᠢ ᠪᠠᠷᠢᠬᠤ ᠳᠤ ᠭᠦᠨᠵᠡᠭᠡᠢ ᠰᠡᠳᠬᠢᠨ | ᠪᠣᠳᠣᠯᠬᠢᠯᠠᠭᠰᠠᠨ ᠪᠠ ᠣᠶᠢᠯᠠᠭᠠᠯᠲᠠ ᠲᠠᠢ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠵᠢᠶᠠ ᠵᠠᠨ ᠴᠢᠦᠸᠡᠨ ᠳᠤ ᠲᠤᠰᠬᠠᠢ ᠰᠡᠳᠦᠪ ᠢᠶᠠᠷ ᠬᠢᠴᠢᠶᠡᠯ ᠣᠷᠣᠵᠤ᠂ ᠪᠣᠳᠠᠲᠠᠢ | ᠠᠵᠢᠯ ᠤᠨ ᠳᠤᠮᠳᠠ ᠲᠤᠯᠭᠠᠷᠠᠭᠰᠠᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠱᠠᠭᠠᠷᠳᠠᠯᠭ᠎ᠠ ᠪᠠ ᠬᠡᠷᠡᠭᠯᠡᠭᠡᠨ ᠤ ᠠᠷᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠵᠤ᠂ | ᠰᠤᠷᠤᠭᠴᠢᠳ ᠤᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠪᠠ ︽ᠭᠤᠷᠪᠠ ᠶᠢ | ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠲᠤᠬᠠᠢ ᠲᠠᠨᠢᠯᠲᠠ ᠶᠢ ᠨᠠᠩ ᠭᠦᠨᠵᠡᠭᠡᠶᠢᠷᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠬᠦᠴᠢᠷ ᠲᠦᠪᠡᠭᠲᠡᠢ ᠬᠡᠷᠡᠭ ᠢ ᠰᠢᠢᠳᠪᠦᠷᠢᠯᠡᠬᠦ ᠪᠠ ᠣᠯᠠᠨ ᠲᠦᠮᠡᠨ ᠤ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠴᠢᠳᠠᠪᠤᠷᠢ ᠪᠠ ᠬᠢᠷᠢ ᠲᠦᠪᠰᠢᠨ ᠢ ᠴᠢᠩᠭᠠᠳᠬᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠳ᠋ᠧ ᠯᠢᠩ ᠱᠠᠨ ᠪᠠᠯᠭᠠᠰᠤᠨ ᠤ ᠰᠧ ᠢ ᠲᠠᠩ ᠲᠣᠰᠬᠤᠨ ᠤ | ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠡ ᠳᠤ ᠬᠦᠷᠴᠦ᠂ ᠲᠤᠬᠠᠢ ᠶᠢᠨ ᠭᠠᠵᠠᠷ ᠤᠨ ᠺᠠᠳ᠋ᠷᠴᠤᠳ | ᠬᠤᠷᠰᠢᠶ᠎ᠡ ᠶᠢᠨ ᠡᠵᠡᠩᠨᠡᠯᠲᠡ ᠶᠢᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠣᠯᠠᠨ ᠲᠦᠮᠡᠨ ᠤ | ᠣᠷᠣᠯᠴᠠᠬᠤ ᠬᠡᠮᠵᠢᠶ᠎ᠡ ᠪᠣᠯᠤᠨ ᠠᠰᠢᠭ ᠲᠤᠰᠠ ᠶᠢᠨ ᠬᠤᠪᠢᠶᠠᠷᠢᠯᠠᠯᠲᠠ ᠵᠡᠷᠭᠡ ᠪᠣᠳᠠᠲᠠᠢ ᠪᠠᠶᠢᠳᠠᠯ ᠢ ᠨᠠᠷᠢᠨ | ᠲᠠᠨᠢᠯᠴᠠᠭᠤᠯᠪᠠ᠃ ᠮᠠᠨ ᠤ ᠪᠠᠯᠭᠠᠰᠤᠨ ᠤ ᠰᠢᠭᠡᠲᠡᠢ ᠭᠤᠣᠯ ᠲᠣᠰᠬᠤᠨ ᠤ ᠨᠠᠮ ᠤᠨ ᠡᠭᠦᠷ ᠤᠨ ᠭᠡᠰᠢᠭᠦᠨ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠱᠠᠩ ᠮᠧᠢ ᠯᠢᠩ᠄ ︽ | ᠲᠦᠷᠪᠡᠨ ᠢ ᠲᠠᠩ ᠤᠨ ᠯᠠᠵᠤᠤ ᠶᠢᠨ ᠵᠢᠶᠠᠨ ᠤ ᠦᠨᠦᠷ ᠠᠮᠲᠠ ᠨᠢ ᠲᠥᠪ ᠭᠤᠣᠯᠴᠢ᠂ ᠰᠢᠭᠡᠲᠡᠢ ᠭᠤᠣᠯ ᠤᠨ | ᠨᠠᠮ ᠤᠨ ᠡᠭᠦᠷ ᠲᠠᠢ ᠳᠠᠭᠠᠭᠤᠯᠤᠨ ᠡᠷᠬᠢᠯᠡᠭᠰᠡᠨ ᠴᠡᠷᠢᠭ ᠤᠨ ᠢᠷᠡᠯᠲᠡ ᠶᠢᠨ ᠯᠠᠵᠤᠤ ᠯᠠᠵᠤᠤ ᠲᠤᠰ ᠪᠦᠷᠢ ᠮᠢᠩᠭᠠᠨ | ᠨᠠᠮᠤᠷ ᠪᠠᠶᠢᠵᠤ᠂ ᠪᠢᠳᠡ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠰᠧ ᠢ | ᠲᠠᠩ ᠲᠣᠰᠬᠤᠨ ᠤ ᠨᠠᠮ ᠤᠨ ᠡᠭᠦᠷ ᠲᠠᠢ ᠭᠦᠨᠵᠡᠭᠡᠢ ᠬᠠᠮᠲᠤᠷᠠᠯᠴᠠᠵᠤ᠂ ᠯᠠᠵᠤᠤ ᠶᠢᠨ ᠵᠢᠶᠠᠩ ᠤᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ ᠶᠢ ᠬᠦᠰᠡᠵᠦ ᠪᠠᠶᠢᠨ᠎ᠠ︾ ᠭᠡᠵᠦ ᠮᠠᠭᠲᠠᠨ ᠰᠠᠶᠢᠰᠢᠶᠠᠪᠠ᠃ ᠬᠤᠶᠠᠷ ᠲᠠᠯ᠎ᠠ ᠪᠠᠷ ᠢᠶᠠᠨ | ᠯᠠᠵᠤᠤ ᠶᠢᠨ ᠵᠢᠶᠠᠩ ᠤᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠲᠤᠷᠰᠢᠯᠭ᠎ᠠ ᠠᠷᠭ᠎ᠠ ᠬᠢᠳᠡᠯ ᠢᠶᠠᠨ | ᠭᠦᠢᠴᠡᠳ ᠰᠣᠯᠢᠯᠴᠠᠵᠤ᠂ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠨ ᠬᠥᠭᠵᠢᠬᠦ ᠳᠤ ᠪᠠᠲᠤ ᠪᠠᠬᠢ ᠰᠠᠭᠤᠷᠢ | ᠲᠠᠯᠪᠢᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠯᠦᠩ ᠰᠢᠩ ᠴᠠᠩ ᠪᠠᠯᠭᠠᠰᠤᠨ ᠤ ᠭᠡᠷᠡᠯ ᠴᠡᠨᠡᠭ ᠤᠨ ᠰᠢᠨ᠎ᠡ | ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠺᠠᠳ᠋ᠷᠴᠤᠳ ᠭᠡᠷᠡᠯ ᠴᠡᠨᠡᠭ ᠤᠨ ᠠᠵᠤ ᠦᠢᠯᠡᠰ ᠤᠨ | ᠠᠵᠢᠯᠯᠠᠭᠠᠨ ᠤ ᠶᠠᠪᠤᠴᠠ ᠪᠣᠯᠤᠨ ᠲᠣᠰᠬᠤᠨ ᠤ ᠠᠷᠠᠳ ᠤᠨ ᠪᠣᠳᠠᠲᠠᠢ ᠠᠰᠢᠭ ᠣᠷᠣᠯᠭ᠎ᠠ ᠶᠢ ᠨᠠᠷᠢᠨ ᠲᠠᠨᠢᠯᠴᠠᠭᠤᠯᠪᠠ᠃ | ᠯᠦᠩ ᠰᠢᠩ ᠴᠠᠩ ᠪᠠᠯᠭᠠᠰᠤᠨ ᠤ ᠭᠡᠷᠡᠯ ᠴᠡᠨᠡᠭ ᠤᠨ ᠰᠢᠨ᠎ᠡ ᠲᠣᠰᠬᠤᠨ ᠤ ᠭᠡᠷᠡᠯ ᠴᠡᠨᠡᠭ ᠤᠨ ᠲᠥᠷᠥᠯ ᠵᠦᠢᠯ ᠢ | ᠦᠵᠡᠭᠡᠳ᠂ ᠬᠤᠩ ᠴᠢᠩ ᠳ᠋ᠧ ᠲᠣᠰᠬᠤᠨ ᠤ ᠨᠠᠮ ᠤᠨ ᠡᠭᠦᠷ ᠤᠨ ᠱᠦᠵᠢ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠦᠸᠡᠢ ᡁᠢ ᠯᠢᠶᠠᠩ᠄ ︽ᠮᠠᠨ ᠤ ᠲᠣᠰᠬᠤᠨ ᠤ | ᠠᠷᠠᠳ ᠤᠨ ᠵᠥᠪᠯᠡᠯ ᠳᠤ ᠪᠤᠭᠤᠲᠤ ᠬᠤᠲᠠ ᠶᠢᠨ ᠠᠩᠬᠠᠳᠠᠭᠴᠢ ᠲᠣᠰᠬᠤᠨ ᠤ ᠳᠡᠰ ᠤᠨ ᠭᠡᠷᠡᠯ ᠴᠡᠨᠡᠭ ᠤᠨ | ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠲᠠᠢ᠂ ᠯᠦᠩ ᠰᠢᠩ ᠴᠠᠩ ᠪᠠᠯᠭᠠᠰᠤᠨ ᠤ ᠭᠡᠷᠡᠯ ᠴᠡᠨᠡᠭ ᠤᠨ ᠰᠢᠨ᠎ᠡ | ᠲᠣᠰᠬᠤᠨ ᠭᠡᠷᠡᠯ ᠴᠡᠨᠡᠭ ᠤᠨ ᠠᠵᠤ ᠦᠢᠯᠡᠰ ᠪᠣᠯᠤᠨ ᠲᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠢ ᠭᠦᠨᠵᠡᠭᠡᠢ | ᠠᠭᠤᠰᠤᠯᠴᠠᠭᠤᠯᠪᠠ᠂ ᠡᠨᠡ ᠨᠢ ᠪᠢᠳᠡᠨ ᠢ ᠲᠦᠢᠯ ᠢᠶᠠᠷ ᠤᠷᠮᠠᠰᠢᠭᠤᠯᠵᠤ᠂ ᠪᠢ ᠭᠡᠷᠡᠯ ᠴᠡᠨᠡᠭ ᠤᠨ ᠠᠵᠤ ᠦᠢᠯᠡᠰ ᠤᠨ | ᠢᠷᠡᠭᠡᠳᠦᠢ ᠶᠢᠨ ᠲᠤᠬᠠᠢ ᠨᠡᠩ ᠢᠯᠡᠭᠦᠦ ᠬᠦᠰᠡᠯ ᠡᠷᠡᠮᠡᠯᠵᠡᠯ ᠲᠠᠢ ᠪᠣᠯᠭᠠᠵᠤ᠂ ᠪᠠᠰᠠ ᠯᠦᠩ ᠰᠢᠩ ᠴᠠᠩ | ᠪᠠᠯᠭᠠᠰᠤᠨ ᠤ ᠭᠡᠷᠡᠯ ᠴᠡᠨᠡᠭ ᠤᠨ ᠰᠢᠨ᠎ᠡ ᠲᠣᠰᠬᠤᠨ ᠤ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ | ᠲᠣᠰᠬᠤᠨ ᠤ ᠠᠷᠠᠳ ᠤᠨ ᠣᠷᠣᠯᠭ᠎ᠠ ᠶᠢᠨ ᠢᠷᠡᠯᠲᠡ ᠶᠢ ᠥᠷᠭᠡᠳᠬᠡᠬᠦ ᠶᠢ ᠬᠦᠰᠡᠵᠦ ᠪᠠᠶᠢᠨ᠎ᠠ︾ ᠭᠡᠵᠦ ᠰᠡᠳᠬᠢᠯ | ᠳᠣᠭᠳᠣᠯᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠢᠨ ᠶᠠᠩ ᠮᠠᠯ ᠠᠵᠤ ᠠᠬᠤᠢ ᠳᠤ ᠬᠦᠷᠴᠦ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠰᠠᠭᠠᠯᠢ ᠶᠢᠨ ᠢᠮᠠᠭ᠎ᠠ᠂ ᠰᠠᠭᠠᠯᠢ ᠶᠢᠨ ᠢᠮᠠᠭᠠᠨ ᠤ ᠪᠠᠷᠢᠮᠵᠢᠶᠠᠵᠢᠭᠤᠯᠤᠨ | ᠲᠡᠵᠢᠭᠡᠨ ᠦᠷᠡᠵᠢᠭᠦᠯᠬᠦ ᠪᠠ ᠡᠭᠦᠯᠳᠡᠷ ᠪᠤᠶᠢᠵᠢᠭᠤᠯᠬᠤ ᠵᠢᠴᠢ ᠬᠠᠮᠢᠶ᠎ᠠ ᠪᠦᠬᠦᠢ ᠮᠡᠷᠭᠡᠵᠢᠯ ᠤᠨ ᠦᠢᠯᠡᠴᠢᠯᠡᠭᠡ ᠶᠢ | ᠨᠠᠷᠢᠨ ᠲᠠᠨᠢᠯᠴᠠᠭᠤᠯᠪᠠ᠃ ᠮᠠᠨ ᠤ ᠪᠠᠯᠭᠠᠰᠤᠨ ᠤ ᠬᠡᠰᠡᠭ ᠲᠡᠵᠢᠭᠡᠨ ᠦᠷᠡᠵᠢᠭᠦᠯᠬᠦ ᠲᠣᠮᠣ ᠡᠷᠦᠬᠡ᠂ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠡᠵᠢᠭᠡᠨ ᠠᠷᠠᠴᠢᠯᠠᠬᠤ ᠭᠤᠭᠴᠤᠭ᠎ᠠ ᠶᠢᠨ | ᠬᠦᠷᠦᠭᠰᠡᠨ ᠭᠠᠵᠠᠷ ᠪᠣᠯᠭᠠᠨ ᠳᠤ ᠨᠠᠷᠢᠨ ᠨᠢᠮᠪᠠᠢ ᠪᠠᠶᠢᠴᠠᠭᠠᠨ ᠦᠵᠡᠵᠦ᠂ ᠠᠷᠠᠴᠢᠯᠠᠨ ᠲᠡᠵᠢᠭᠡᠬᠦ ᠮᠡᠷᠭᠡᠵᠢᠯ ᠤᠨ | ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠠᠰᠠᠭᠤᠯᠲᠠ ᠳᠤᠷᠠᠳᠤᠨ ᠰᠠᠨᠠᠯ ᠢᠶᠠᠨ | ᠰᠣᠯᠢᠯᠴᠠᠵᠤ᠂ ᠣᠯᠠᠨ ᠠᠷᠭ᠎ᠠ ᠬᠡᠯᠪᠡᠷᠢ᠂ ᠣᠯᠠᠨ ᠠᠷᠭ᠎ᠠ ᠵᠠᠮ ᠢᠶᠠᠷ ᠮᠢᠨ ᠶᠠᠩ ᠮᠠᠯ ᠠᠵᠤ ᠠᠬᠤᠢ ᠶᠢᠨ | ᠬᠥᠭᠵᠢᠯᠲᠡ ᠶᠢᠨ ᠲᠥᠯᠥᠪᠵᠢᠭᠦᠯᠭᠡ᠂ ᠠᠬᠢᠭᠤᠯᠬᠤ ᠠᠬᠢᠴᠠ᠂ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ | ᠨᠠᠷᠢᠨ ᠨᠢᠭᠲᠠ ᠣᠶᠢᠯᠠᠭᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠪᠠᠷᠢᠮᠵᠢᠶᠠᠯᠠᠨ ᠬᠠᠷᠭᠤᠭᠤᠯᠵᠤ᠂ | ᠲᠡᠷᠢᠭᠦᠨ ᠤ ᠲᠤᠷᠰᠢᠯᠭ᠎ᠠ ᠶᠢ ᠰᠢᠩᠭᠡᠭᠡᠨ ᠠᠪᠤᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠠᠨ ᠷᠦᠢ ᠰᠤᠳᠤᠯᠭᠠᠨ ᠤ ᠬᠦᠷᠢᠶᠡᠯᠡᠩ ᠳᠤ ᠬᠦᠷᠴᠦ᠂ ᠰᠠᠨ | ᠷᠦᠢ 363᠂ ᠰᠠᠨ ᠷᠦᠢ 1 ᠳ᠋ᠤᠭᠠᠷ ᠵᠡᠷᠭᠡ ᠢᠳᠡᠭᠡᠨ ᠤ ᠨᠠᠷᠠᠨ ᠬᠤᠸᠠᠷ ᠤᠨ ᠦᠷ᠎ᠡ ᠶᠢ ᠰᠣᠩᠭᠤᠨ ᠪᠤᠶᠢᠵᠢᠭᠤᠯᠬᠤ | ᠶᠠᠪᠤᠴᠠ ᠶᠢ ᠣᠶᠢᠷ᠎ᠠ ᠵᠠᠢ ᠠᠴᠠ ᠣᠶᠢᠯᠠᠭᠠᠵᠤ᠂ ᠬᠡᠷᠬᠢᠨ ᠦᠷ᠎ᠡ ᠶᠢᠨ ᠢᠷᠡᠯᠲᠡ ᠠᠴᠠ ᠨᠠᠷᠠᠨ ᠬᠤᠸᠠᠷ ᠤᠨ ᠭᠠᠷᠤᠯᠲᠠ | ᠪᠠ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠲᠥᠯᠥᠭᠡᠯᠡᠭᠴᠢᠳ ᠰᠤᠳᠤᠯᠭᠠᠨ ᠤ ᠬᠦᠷᠢᠶᠡᠯᠡᠩ ᠲᠠᠢ ᠭᠦᠨᠵᠡᠭᠡᠢ | ᠬᠠᠮᠲᠤᠷᠠᠯᠴᠠᠭ᠎ᠠ ᠬᠢᠵᠦ᠂ ᠲᠤᠰ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠤ ︽ᠰᠢᠨᠵᠢᠯᠡᠬᠦ ᠤᠬᠠᠭᠠᠨ | ᠮᠡᠷᠭᠡᠵᠢᠯ︾ ᠤᠨ ᠵᠢᠭᠦᠷ ᠤᠷᠭᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠯᠦᠩ ᠰᠢᠩ ᠴᠠᠩ ᠪᠠᠯᠭᠠᠰᠤᠨ ᠤ ᠯᠢᠶᠠᠨ ᠹᠧᠩ ᠲᠣᠰᠬᠤᠨ ᠤ | ᠥᠪᠥᠷ ᠮᠣᠩᠭᠤᠯ ᠤᠨ ᠵᠢᠶᠠ ᠨᠦᠩ ᠫᠤᠤ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠲᠤᠰ ᠺᠣᠮᠫᠠᠨᠢ ᠶᠢᠨ | ᠡᠷᠳᠡᠨᠢ ᠰᠢᠰᠢ ᠲᠠᠷᠢᠬᠤ᠂ ᠡᠳ᠋ᠰᠢᠭᠦᠯᠬᠦ᠂ ᠰᠢᠨ᠎ᠡ ᠰᠣᠷᠭᠤᠭ ᠪᠠᠶᠢᠯᠭᠠᠬᠤ ᠵᠢᠴᠢ ᠪᠣᠷᠣᠯᠠᠭᠤᠯᠬᠤ ᠵᠡᠷᠭᠡ ᠪᠦᠬᠦ | ᠶᠠᠪᠤᠴᠠ ᠶᠢ ᠣᠶᠢᠯᠠᠭᠠᠪᠠ᠃ ᠥᠪᠥᠷ ᠮᠣᠩᠭᠤᠯ ᠤᠨ ᠵᠢᠶᠠ ᠨᠦᠩ ᠫᠤᠤ ᠢᠳᠡᠭᠡᠨ ᠤ ᠬᠢᠵᠠᠭᠠᠷᠲᠤ ᠺᠣᠮᠫᠠᠨᠢ ᠶᠢᠨ | ᠨᠡᠯᠢᠶᠡᠳ ᠪᠣᠯᠪᠠᠰᠤᠷᠠᠩᠭᠤᠢ ᠪᠣᠯᠤᠭᠰᠠᠨ ︽ᠳᠠᠭᠠᠭᠤᠯᠤᠭᠴᠢ ᠠᠵᠤ ᠠᠬᠤᠶᠢᠯᠠᠯ ᠤᠨ ᠰᠠᠭᠤᠷᠢᠨ ᠭᠠᠵᠠᠷ ᠤᠨ | ᠬᠤᠷᠰᠢᠶ᠎ᠡ ᠲᠠᠷᠢᠶᠠᠴᠢᠨ ᠡᠷᠦᠬᠡ︾ ᠶᠢᠨ ᠳᠠᠷᠢᠬᠤ ᠵᠠᠭᠪᠤᠷ ᠪᠣᠯᠤᠨ ︽ᠰᠠᠶᠢᠨ ᠡᠭᠦᠯᠳᠡᠷ᠂ ᠨᠢᠭᠡᠳᠦᠯᠲᠡᠢ ᠪᠠᠷᠢᠮᠵᠢᠶ᠎ᠠ᠂ | ᠨᠢᠭᠡᠳᠦᠯᠲᠡᠢ ᠮᠡᠷᠭᠡᠵᠢᠯ᠂ ᠨᠢᠭᠡᠳᠦᠯᠲᠡᠢ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠡᠳ᠋ᠰᠢᠭᠦᠯᠬᠦ᠂ ᠨᠢᠭᠡᠳᠦᠯᠲᠡᠢ ᠨᠡᠷᠡᠲᠦ | ᠲᠡᠮᠳᠡᠭᠲᠦ︾ ᠶᠢᠨ ᠬᠠᠮᠢᠶᠠᠷᠤᠯᠲᠠ ᠶᠢᠨ ᠵᠠᠭᠪᠤᠷ ᠢᠶᠠᠷ ᠲᠣᠯᠢ ᠪᠣᠯᠭᠠᠵᠤ᠂ ︽ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠵᠠᠬᠢᠶᠠᠯᠠᠭ᠎ᠠ ᠶᠢᠨ ᠦᠢᠯᠡᠳᠪᠦᠷᠢᠯᠡᠯ ᠤᠨ ᠣᠯᠠᠨ ᠠᠷᠭ᠎ᠠ ᠵᠠᠮ ᠢᠶᠠᠷ ᠪᠣᠷᠣᠯᠠᠭᠤᠯᠬᠤ ᠶᠢ ᠬᠥᠲᠥᠯᠥᠨ | ᠳᠠᠭᠠᠭᠤᠯᠬᠤ︾ ᠠᠵᠤ ᠦᠢᠯᠡᠰᠵᠢᠯᠲᠡ ᠶᠢᠨ ᠬᠡᠯᠬᠢᠶ᠎ᠡ ᠶᠢ ᠪᠠᠶᠢᠭᠤᠯᠵᠤ᠂ ᠡᠭᠦᠨ ᠤ ᠤᠯᠠᠮ ᠠᠴᠠ ᠮᠠᠨ ᠤ | ᠪᠠᠯᠭᠠᠰᠤᠨ ᠤ ᠣᠨᠴᠠᠯᠢᠭᠲᠤ ᠠᠵᠤ ᠦᠢᠯᠡᠰ ᠤᠨ ᠬᠤᠨᠴᠢᠷ ᠨᠠᠷᠢᠯᠢᠭ ᠡᠳ᠋ᠰᠢᠭᠦᠯᠬᠦ ᠠᠵᠢᠯ ᠲᠥᠷᠥᠯ ᠳᠤ ᠬᠡᠷᠡᠭᠯᠡᠵᠦ᠂ | ᠰᠢᠩ ᠱᠦᠨ ᠰᠢ ᠪᠠᠯᠭᠠᠰᠤᠨ ᠤ ᠬᠤᠨᠴᠢᠷ ᠨᠠᠷᠢᠯᠢᠭ ᠡᠳ᠋ᠰᠢᠭᠦᠯᠬᠦ ᠠᠵᠢᠯ ᠲᠥᠷᠥᠯ ᠢ ᠬᠡᠪᠴᠢᠶᠡᠵᠢᠭᠦᠯᠦᠨ᠂ | ᠪᠠᠷᠢᠮᠵᠢᠶᠠᠵᠢᠭᠤᠯᠤᠨ᠂ ᠠᠵᠤ ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ | ᠪᠣᠷᠣᠯᠠᠭᠤᠯᠭ᠎ᠠ ᠶᠢ ᠨᠢᠭᠡ ᠴᠣᠭᠴᠠᠵᠢᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ | ᠵᠠᠮ ᠢᠶᠠᠷ ᠵᠠᠮᠨᠠᠬᠤ ᠶᠢ ᠳᠠᠶᠢᠴᠢᠯᠠᠪᠠ᠃ | ᠰᠢᠨ᠎ᠡ ᠴᠠᠭ ᠦᠶ᠎ᠡ ᠰᠢᠨ᠎ᠡ ᠬᠥᠭᠵᠢᠯᠲᠡ ᠶᠢᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠶᠢᠨ ᠡᠴᠦᠰ ᠤᠨ | ᠥᠷᠲᠡᠭᠡ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠰᠢᠨᠵᠢᠯᠡᠨ ᠪᠠᠶᠢᠴᠠᠭᠠᠵᠤ᠂ ᠲᠥᠯᠥᠭᠡᠯᠡᠭᠴᠢᠳ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠨᠢ ᠵᠠᠰᠠᠭ ᠤᠨ ᠣᠷᠳᠣᠨ ᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠢᠯᠡᠷᠡᠭᠦᠯᠵᠦ᠂ ᠲᠥᠷᠥᠯ ᠵᠦᠢᠯ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢ ᠪᠠᠲᠤᠯᠠᠨ᠎ᠠ ᠭᠡᠵᠦ | ᠢᠯᠡᠳᠬᠡᠪᠡ᠃ | ᠲᠤᠰ ᠤᠳᠠᠭᠠᠨ ᠤ ᠠᠵᠢᠯᠯᠠᠭ᠎ᠠ ᠳᠤ ᠲᠥᠪᠯᠡᠷᠡᠭᠦᠯᠦᠨ ᠬᠢᠴᠢᠶᠡᠯ ᠣᠷᠣᠬᠤ᠂ ᠲᠤᠬᠠᠢ ᠶᠢᠨ ᠭᠠᠵᠠᠷ ᠲᠤᠨᠢ | ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠲᠤᠬᠠᠢ ᠶᠢᠨ ᠭᠠᠵᠠᠷ ᠲᠤᠨᠢ ᠰᠠᠨᠠᠯ ᠢᠶᠠᠨ ᠰᠣᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠭᠢᠨ ᠲᠣᠭᠤᠷᠢᠨ ᠤ ᠭᠠᠵᠠᠷ ᠣᠷᠣᠨ ᠤ ᠦᠨᠳᠦᠰᠦᠨ ᠱᠠᠲᠤᠨ ᠤ ᠵᠠᠰᠠᠯᠲᠠ᠂ | ᠠᠵᠤ ᠦᠢᠯᠡᠰ ᠤᠨ ᠲᠡᠵᠢᠭᠡᠨ ᠦᠷᠡᠵᠢᠭᠦᠯᠬᠦ᠂ ᠦᠷ᠎ᠡ ᠶᠢᠨ ᠢᠷᠡᠯᠲᠡ ᠶᠢ ᠰᠣᠩᠭᠤᠨ ᠪᠤᠶᠢᠵᠢᠭᠤᠯᠬᠤ᠂ | ᠡᠯᠸᠺᠲᠷᠤᠨ ᠬᠤᠳᠠᠯᠳᠤᠭᠠᠨ ᠤ ᠡᠵᠡᠩᠨᠡᠯᠲᠡ᠂ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠢ ᠨᠠᠷᠢᠨ ᠬᠢᠨᠠᠮᠠᠭᠠᠢ ᠣᠶᠢᠯᠠᠭᠠᠪᠠ᠃ | ᠣᠯᠠᠨ ᠢᠶᠠᠷ ᠢᠶᠠᠨ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠨ᠂ ᠰᠡᠳᠬᠢᠴᠡ ᠪᠠᠨ ᠥᠷᠭᠡᠳᠬᠡᠵᠦ᠂ | ᠬᠠᠷᠠᠴᠠ ᠪᠠᠨ ᠥᠷᠭᠡᠳᠬᠡᠨ᠂ ᠮᠡᠳᠡᠯᠭᠡ ᠪᠠᠨ ᠨᠡᠮᠡᠭᠳᠡᠭᠦᠯᠵᠦ᠂ ᠵᠥᠷᠢᠶ᠎ᠡ ᠪᠠᠨ ᠡᠷᠢᠨ ᠣᠯᠵᠤ᠂ ᠯᠠᠪᠯᠠᠯᠲᠠ ᠬᠠᠩᠭᠠᠪᠠ᠂ | ᠬᠤᠶᠢᠰᠢᠳᠠ ᠶᠢᠨ ᠠᠵᠢᠯ ᠤᠨ ᠳᠤᠮᠳᠠ ᠪᠠᠨ ᠬᠢᠵᠦ ᠥᠭᠬᠦ ᠪᠠᠷ ᠰᠢᠯᠲᠠᠭ ᠡᠷᠢᠬᠦ ᠦᠭᠡᠢ᠂ ᠵᠥᠪᠬᠡᠨ ᠬᠢᠵᠦ | ᠪᠦᠲᠦᠭᠡᠬᠦ ᠶᠢᠨ ᠲᠥᠯᠥᠭᠡ ᠠᠷᠭ᠎ᠠ ᠰᠦᠪᠡᠭᠴᠢᠯᠡᠵᠦ᠂ ᠰᠢᠩ ᠱᠦᠨ ᠪᠠᠷᠠᠭᠤᠨ ᠬᠡᠰᠡᠭ ᠤᠨ ᠬᠥᠭᠵᠢᠯᠲᠡ ᠶᠢ | ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ | |