ᠬᠤᠸᠠᠢ ᠱᠦᠸᠧ ᠪᠠᠯᠭᠠᠰᠤᠨ ᠤ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠤᠯᠠᠮᠵᠢᠯᠠᠬᠤ︾ ᠭᠤᠣᠯ ᠰᠡᠳᠦᠪᠲᠦ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/12/16
    2024 ᠣᠨ ᠤ 12 ᠰᠠᠷ᠎ᠠ ᠶᠢᠨ 13 ᠤ ᠡᠳᠦᠷ ᠪᠣᠯ ᠮᠠᠨ ᠤ ᠤᠯᠤᠰ ᠤᠨ ᠠᠷᠪᠠᠨ ᠨᠢᠭᠡᠳᠦᠭᠡᠷ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ ᠪᠣᠯᠤᠨ᠎ᠠ᠃    ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠲᠥᠯᠥᠭᠡ᠂ ᠬᠤᠸᠠᠢ ᠱᠦᠸᠧ ᠪᠠᠯᠭᠠᠰᠤᠨ ᠤ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠠᠴᠠ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠤᠯᠠᠮᠵᠢᠯᠠᠬᠤ︾ ᠭᠤᠣᠯ ᠰᠡᠳᠦᠪᠲᠦ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠡᠳᠦᠷ᠂ ᠪᠠᠯᠭᠠᠰᠤ ᠲᠣᠰᠬᠤᠨ ᠤ ᠺᠠᠳ᠋ᠷ ᠬᠠᠮᠲᠤ ᠪᠠᠷ ᠤᠯᠤᠰ ᠤᠨ ᠠᠯᠪᠠᠨ ᠲᠠᠬᠢᠯᠭ᠎ᠠ ᠶᠢᠨ ᠡᠳᠦᠷ ᠤᠨ ᠤᠬᠠᠭᠤᠯᠭ᠎ᠠ ᠬᠥᠮᠦᠵᠢᠯ ᠤᠨ ᠸᠢᠳᠢᠣ᠋ ᠶᠢ ᠰᠣᠨᠢᠷᠬᠠᠵᠤ᠂ ᠺᠢᠨᠣ᠋ ᠡᠯᠪᠡᠭ ᠪᠠᠶᠠᠯᠢᠭ ᠲᠡᠦᠬᠡ ᠶᠢᠨ ᠮᠠᠲ᠋ᠧᠷᠢᠶᠠᠯ ᠢᠶᠠᠷ ᠳᠠᠮᠵᠢᠭᠤᠯᠤᠨ᠂ 1937 ᠣᠨ ᠳᠤ ᠶᠠᠫᠣᠨ ᠤ ᠲᠦᠷᠢᠮᠡᠬᠡᠶᠢᠯᠡᠭᠴᠢᠳ ᠤᠨ ᠨᠠᠨᠵᠢᠩ ᠳᠤ ᠦᠢᠯᠡᠳᠦᠭᠰᠡᠨ 30 ᠭᠠᠷᠤᠢ ᠲᠦᠮᠡᠨ ᠬᠥᠮᠦᠨ ᠢ ᠬᠢᠬᠠᠨ ᠠᠯᠠᠭᠰᠠᠨ ᠲᠡᠦᠬᠡ ᠶᠢᠨ ᠬᠠᠷᠠᠰᠠᠯᠲᠤ ᠬᠡᠷᠡᠭ ᠢ ᠦᠨᠡᠨ ᠪᠣᠳᠠᠲᠠᠢ ᠪᠠᠷ ᠲᠡᠮᠳᠡᠭᠯᠡᠵᠦ᠂ ᠣᠯᠠᠨ ᠳᠤ ᠶᠠᠫᠣᠨ ᠤ ᠲᠦᠷᠢᠮᠡᠬᠡᠶᠢᠯᠡᠯ ᠤᠨ ᠳᠠᠶᠢᠨ ᠤ ᠳᠤᠮᠳᠠᠳᠤ ᠤᠯᠤᠰ ᠤᠨ ᠠᠷᠠᠳ ᠲᠦᠮᠡᠨ ᠳᠤ ᠤᠴᠠᠷᠠᠭᠤᠯᠤᠭᠰᠠᠨ ᠬᠤᠣᠷ ᠬᠥᠨᠥᠭᠡᠯ ᠢ ᠣᠯᠠᠨ ᠳᠤ ᠦᠨᠡᠨ ᠪᠣᠳᠠᠲᠠᠢ ᠪᠠᠷ ᠮᠡᠳᠡᠷᠡᠭᠦᠯᠪᠡ᠃ ᠲᠤᠰ ᠤᠳᠠᠭᠠᠨ ᠤ ᠭᠤᠣᠯ ᠰᠡᠳᠦᠪᠲᠦ ᠺᠢᠨᠣ᠋ ᠦᠵᠡᠬᠦ ᠠᠵᠢᠯᠯᠠᠭ᠎ᠠ ᠨᠢ ᠪᠠᠯᠭᠠᠰᠤ ᠲᠣᠰᠬᠤᠨ ᠤ ᠺᠠᠳ᠋ᠷ ᠤᠨ ᠲᠡᠦᠬᠡ ᠶᠢᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠣᠯᠠᠨ ᠤ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠪᠡ᠃ ᠣᠯᠠᠨ ᠢᠶᠠᠷ ᠢᠶᠠᠨ ᠤᠯᠤᠰ ᠤᠨ ᠢᠴᠢᠭᠦᠷᠢ ᠶᠢ ᠮᠠᠷᠲᠠᠵᠤ ᠪᠣᠯᠬᠤ ᠦᠭᠡᠢ᠂ ᠡᠩᠬᠡ ᠲᠠᠶᠢᠪᠤᠩ ᠢ ᠨᠠᠨᠳᠢᠩᠨᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠮᠡᠳᠡᠬᠦᠢ ᠬᠢᠬᠦᠢ ᠶᠢ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠲᠡᠦᠬᠡ ᠶᠢ ᠪᠠᠲᠤ ᠴᠡᠭᠡᠵᠢᠯᠡᠨ᠎ᠡ ᠭᠡᠵᠦ ᠢᠯᠡᠳᠬᠡᠵᠡᠭᠡᠪᠡ᠃    ᠳᠠᠷᠢ ᠶᠢᠨ ᠤᠳᠤᠭ᠎ᠠ ᠬᠡᠳᠦᠢ ᠪᠠᠷ ᠬᠤᠯᠠ ᠶᠠᠪᠤᠭᠰᠠᠨ ᠪᠣᠯᠪᠠᠴᠤ᠂ ᠤᠯᠤᠰ ᠳᠠᠶᠠᠭᠠᠷ ᠡᠭᠦᠷᠢᠳᠡ ᠮᠠᠷᠳᠠᠬᠤ ᠦᠭᠡᠢ᠃ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠡᠳᠦᠷ ᠤᠨ ᠤᠯᠤᠰ ᠢᠶᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠺᠠᠳ᠋ᠷᠴᠤᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠶᠢᠨ ᠬᠠᠮᠲᠤ ᠨᠡᠩ ᠴᠤ ᠲᠡᠦᠬᠡ ᠪᠠᠨ ᠪᠠᠲᠤ ᠴᠡᠭᠡᠵᠢᠯᠡᠵᠦ᠂ ᠴᠤᠭ ᠰᠦᠯᠳᠡ ᠪᠠᠨ ᠪᠠᠳᠠᠷᠠᠭᠤᠯᠤᠨ᠂ ᠨᠡᠩ ᠲᠡᠭᠦᠰ ᠲᠡᠭᠦᠯᠳᠡᠷ ᠵᠣᠷᠢᠭ ᠰᠠᠨᠠᠭ᠎ᠠ ᠪᠠᠷ ᠠᠵᠢᠯ ᠳᠠᠭᠠᠨ ᠣᠷᠣᠯᠴᠠᠬᠤ ᠬᠡᠷᠡᠭᠲᠡᠢ᠃ 
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号