︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠰᠣᠶᠣᠯ ᠤᠨ ᠥᠨᠳᠦᠷᠯᠢᠭ ᠢ ᠴᠣᠭᠴᠠᠯᠠᠶ᠎ᠠ︾ ᠭᠡᠬᠦ ᠰᠢᠶᠠ ᠱᠢ ᠬᠤᠤ ᠪᠠᠯᠭᠠᠰᠤᠨ ᠤ ᠠᠷᠤ ᠣᠪᠣᠭ᠎ᠠ ᠲᠣᠰᠬᠤᠨ ᠳᠤ ᠶᠠᠩᠭᠠᠷ ᠪᠥᠵᠢᠭ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/16
    ᠮᠠᠨ ᠤ ᠪᠠᠯᠭᠠᠰᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠲᠤᠰ ᠭᠠᠵᠠᠷ ᠶᠠᠩᠭᠠᠷ ᠤᠨ ᠠᠩᠭᠢ ᠶᠢ ᠠᠭᠤᠳᠠᠯᠤᠨ ᠬᠥᠮᠦᠵᠢᠭᠦᠯᠵᠦ᠂ ᠥᠷᠭᠡᠨ ᠣᠯᠠᠨ ᠲᠦᠮᠡᠨ ᠤ ᠰᠣᠶᠣᠯ ᠤᠷᠠᠯᠢᠭ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ᠃ 12 ᠰᠠᠷ᠎ᠠ ᠶᠢᠨ 12 ᠤᠨ ᠡᠳᠦᠷ ᠨᠤᠭᠤ ᠬᠤᠤ ᠪᠠᠯᠭᠠᠰᠤᠨ ᠤ ᠠᠷᠤ ᠣᠪᠣᠭ᠎ᠠ ᠲᠣᠰᠬᠤᠨ ᠳᠤ ︽ᠥᠪᠥᠷ ᠮᠣᠩᠭᠤᠯ ᠢᠶᠠᠷ ᠵᠢᠭᠤᠯᠴᠢᠯᠠᠵᠤ᠄ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠰᠣᠶᠣᠯ ᠤᠨ ᠥᠨᠳᠦᠷᠯᠢᠭ ᠢ ᠪᠠᠶᠢᠭᠤᠯᠬᠤ - ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠣᠷᠣᠭᠤᠯᠬᠤ ᠶᠠᠩᠭᠠᠷ ᠤᠨ ᠪᠣᠯᠪᠠᠰᠤᠷᠠᠭᠤᠯᠤᠯ︾ ᠤᠨ ᠠᠵᠢᠯᠯᠠᠭ᠎ᠠ ᠥᠷᠨᠢᠭᠦᠯᠵᠦ᠂ ᠨᠡᠶᠢᠲᠡ 20 ᠭᠠᠷᠤᠢ ᠶᠠᠩᠭᠠᠷ ᠪᠥᠵᠢᠭ ᠤᠨ ᠪᠠᠭ᠋ᠠᠲᠠᠢ ᠬᠥᠮᠦᠰ ᠪᠣᠯᠪᠠᠰᠤᠷᠠᠯ ᠳᠤ ᠣᠷᠣᠯᠴᠠᠪᠠ᠃    ᠲᠤᠰ ᠤᠳᠠᠭᠠᠨ ᠤ ᠪᠣᠯᠪᠠᠰᠤᠷᠠᠭᠤᠯᠤᠯ ᠳᠤ ᠭᠦᠶᠡᠩ ᠰᠢᠶᠠᠨ ᠤ ᠰᠣᠶᠣᠯ ᠤᠨ ᠣᠷᠳᠣᠨ ᠤ ᠰᠢᠦᠸᠡᠢ ᠯᠦᠩ ᠱᠧᠩ ᠪᠠᠭᠰᠢ ᠪᠣᠯᠤᠨ ᠵᠠᠩ ᠶᠤᠸᠡᠢ ᠪᠠᠭᠰᠢ ᠲᠣᠰᠬᠤᠨ ᠤ ᠠᠷᠠᠳ ᠲᠤ ᠬᠢᠴᠢᠶᠡᠯ ᠣᠷᠣᠪᠠ᠃ ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠪᠠᠭᠰᠢ ᠨᠠᠷ ᠤᠨ ᠰᠢᠰᠲ᠋ᠧᠮ ᠲᠠᠢ ᠪᠥᠭᠡᠳ ᠰᠤᠷᠤᠯᠭᠠᠲᠠᠨ ᠳᠤ ᠶᠠᠩᠭᠠᠷ ᠤᠨ ᠦᠨᠳᠦᠰᠦᠨ ᠠᠯᠬᠤᠭ᠎ᠠ᠂ ᠬᠥᠳᠡᠯᠭᠡᠭᠡᠨ ᠤ ᠠᠨᠢᠰᠤ ᠵᠢᠴᠢ ᠠᠩᠭᠢ ᠶᠢᠨ ᠬᠡᠯᠪᠡᠷᠢ ᠶᠢᠨ ᠬᠤᠪᠢᠷᠠᠯᠲᠠ ᠵᠡᠷᠭᠡ ᠵᠠᠩᠭᠢᠯᠠᠭ᠎ᠠ ᠶᠢᠨ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃ ᠰᠤᠷᠤᠭᠴᠢᠳ ᠪᠠᠰᠠ ᠲᠦᠢᠯ ᠤᠨ ᠥᠨᠳᠥᠷ ᠬᠠᠯᠠᠭᠤᠨ ᠰᠡᠳᠬᠢᠯᠭᠡ ᠶᠢ ᠢᠯᠡᠷᠡᠭᠦᠯᠵᠦ᠂ ᠪᠡᠶ᠎ᠡ ᠡᠷᠭᠢᠨ ᠨᠢᠷᠤᠭᠤ ᠪᠠᠨ ᠤᠷᠪᠠᠵᠤ᠂ ᠳᠡᠪᠢᠭᠦᠷ ᠢᠶᠠᠨ ᠡᠷᠭᠢᠭᠦᠯᠦᠨ ᠵᠢᠭᠰᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠳᠡᠯᠭᠡᠭᠡᠨ ᠤ ᠨᠠᠷᠢᠨ ᠵᠦᠢᠯᠡᠰ ᠢ ᠳᠡᠯᠭᠡᠨ ᠦᠵᠡᠭᠦᠯᠵᠦ᠂ ᠶᠠᠩᠭᠠᠷ ᠤᠨ ᠰᠣᠶᠣᠯ ᠤᠨ ᠪᠠᠶᠠᠯᠢᠭ ᠠᠭᠤᠯᠤᠭᠳᠠᠬᠤᠨ ᠢ ᠭᠦᠢᠴᠡᠳ ᠡᠵᠡᠮᠰᠢᠪᠡ᠃    ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ ᠥᠷᠭᠡᠨ ᠣᠯᠠᠨ ᠲᠦᠮᠡᠨ ᠳᠤ ᠤᠷᠠᠯᠢᠭ ᠤᠨ ᠰᠤᠷᠤᠯᠴᠠᠯᠭ᠎ᠠ ᠪᠠ ᠰᠣᠶᠣᠯ ᠤᠨ ᠰᠣᠯᠢᠯᠴᠠᠭᠠᠨ ᠤ ᠴᠢᠬᠤᠯᠠ ᠲᠠᠪᠴᠠᠩ ᠬᠠᠩᠭᠠᠵᠤ᠂ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠣᠯᠠᠨ ᠵᠦᠢᠯ ᠤᠨ ᠬᠡᠯᠪᠡᠷᠢ ᠶᠢᠨ ᠣᠯᠠᠨ ᠲᠦᠮᠡᠨ ᠤ ᠰᠣᠶᠣᠯ ᠤᠨ ᠪᠣᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠵᠤ᠂ ᠪᠦᠬᠦ ᠠᠷᠠᠳ ᠤᠨ ᠤᠷᠠᠯᠢᠭ ᠢ ᠲᠦᠭᠡᠮᠡᠯᠵᠢᠭᠦᠯᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠮᠠᠷᠠᠲᠤ ᠶᠢᠨ ᠰᠣᠶᠣᠯ ᠢ ᠪᠠᠳᠠᠷᠠᠭᠤᠯᠵᠤ᠂ ᠰᠣᠶᠣᠯ ᠤᠨ ᠥᠨᠳᠦᠷᠯᠢᠭ ᠢ ᠪᠠᠶᠢᠭᠤᠯᠬᠤ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号