ᠪᠥᠬᠦ ᠰᠢᠶᠠᠨ ᠤ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/16
    12 ᠰᠠᠷ᠎ᠠ ᠶᠢᠨ 13 ᠤ ᠡᠳᠦᠷ᠂ ᠪᠥᠬᠦ ᠰᠢᠶᠠᠨ ᠤ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠥᠭᠡᠷᠡᠴᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠯᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠠᠴᠠ ᠪᠦᠬᠦ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠥᠬᠦ ᠰᠢᠶᠠᠨ ᠤ ᠡᠯ᠎ᠡ ᠲᠤᠰᠬᠠᠢ ᠠᠵᠢᠯ ᠤᠨ ᠳᠤᠭᠤᠶᠢᠯᠠᠩ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ ᠬᠤᠲᠠ ᠶᠢᠨ ᠨᠠᠮ ᠤᠨ ᠬᠤᠷᠢ᠊ ᠡᠶ᠎ᠡ ᠪᠣᠯᠤᠨ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠬᠠᠮᠲᠤᠷᠠᠯ ᠤᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠵᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠠᠭᠤᠷ ᠠᠮᠢᠰᠬᠤᠯ ᠢ ᠤᠯᠠᠮ ᠨᠢᠭᠡ ᠠᠯᠬᠤᠮ ᠵᠤᠵᠠᠭᠠᠳᠬᠠᠵᠤ᠂ ᠥᠭᠡᠷᠡᠴᠢᠯᠡᠯᠲᠡ ᠶᠢᠨ ᠠᠵᠢᠯ ᠤᠨ ᠢᠯᠡ ᠲᠣᠳᠣ ᠪᠥᠭᠡᠳ ᠪᠦᠲᠦᠮᠵᠢᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠬᠤᠷᠠᠯ ᠠᠴᠠ ᠠᠵᠤ ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠨᠡᠶᠢᠭᠡᠮ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠵᠡᠷᠭᠡ ᠡᠯ᠎ᠡ ᠲᠤᠰᠬᠠᠢ ᠳᠤᠭᠤᠶᠢᠯᠠᠩ ᠤᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳᠴᠢᠯᠠᠯ ᠬᠠᠤᠯᠢ ᠳᠦᠷᠢᠮ ᠤᠨ ᠥᠭᠡᠷᠡᠴᠢᠯᠡᠯᠲᠡ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠲᠤᠰᠬᠠᠢ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠰᠣᠨᠣᠰᠴᠠᠢ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠤᠨ ᠳ᠋ᠦᠩᠨᠡᠯᠲᠡ ᠵᠢᠴᠢ 2025 ᠣᠨ ᠤ ᠠᠵᠢᠯ ᠤᠨ ᠲᠣᠬᠢᠷᠠᠭᠤᠯᠤᠯᠲᠠ︾ ᠶᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠡᠨᠡ ᠵᠢᠯ ᠠᠴᠠ ᠨᠠᠰᠢ᠂ ᠮᠠᠨ ᠤ ᠰᠢᠶᠠᠨ ᠣᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠥᠯᠥᠭᠡᠯᠡᠨ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠲᠠᠢ ᠤᠢᠢᠷᠠᠳᠤᠭᠰᠠᠨ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ᠂ ᠤᠯᠤᠰ ᠲᠥᠷᠥ᠂ ᠠᠵᠤ ᠠᠬᠤᠢ᠂ ᠰᠣᠶᠣᠯ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠦᠨᠡᠨ ᠬᠦ ᠠᠬᠢᠭᠤᠯᠵᠤ ᠢᠯᠡᠳᠲᠡ ᠦᠷ᠎ᠡ ᠪᠦᠲᠦᠮᠵᠢ ᠣᠯᠪᠠ᠃ ᠳᠠᠷᠠᠭᠠᠴᠢ ᠶᠢᠨ ᠠᠯᠬᠤᠮ ᠳᠤ ᠦᠷᠭᠦᠯᠵᠢᠯᠡᠨ ᠡᠷᠡᠰ ᠵᠣᠷᠢᠭ ᠢᠶᠠᠨ ᠪᠠᠲᠤᠳᠬᠠᠵᠤ᠂ ᠰᠡᠳᠦᠪ ᠢ ᠳᠠᠭᠠᠭᠤᠯᠤᠨ ᠰᠡᠳᠦᠪ ᠢ ᠡᠪᠳᠡᠵᠦ᠂ ᠳ᠋ᠦᠩᠨᠡᠨ ᠰᠢᠨ᠎ᠡ ᠶᠢ ᠡᠭᠦᠳᠴᠦ᠂ ᠨᠢᠭᠡ ᠪᠦᠯᠦᠭ ᠦᠷ᠎ᠡ ᠪᠦᠲᠦᠮᠵᠢ ᠨᠢ ᠢᠯᠡᠷᠬᠡᠢ᠂ ᠴᠢᠨᠠᠷ ᠰᠠᠶᠢᠲᠠᠢ᠂ ᠭᠦᠶᠡᠩ ᠤᠨ ᠪᠣᠳᠠᠲᠤ ᠪᠠᠶᠢᠳᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠢᠷᠮᠠᠶᠢᠨ ᠣᠯᠬᠤ ᠬᠡᠷᠡᠭᠲᠡᠢ ᠭᠡᠪᠡ᠃    ᠬᠤᠷᠠᠯ ᠠᠴᠠ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠨᠡ ᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠢᠰᠲ᠋ᠧᠮ ᠲᠠᠢ ᠡᠵᠡᠮᠳᠡᠵᠦ᠂ ᠥᠭᠡᠷᠡᠴᠢᠯᠡᠯᠲᠡ ᠭᠡᠬᠦ ᠡᠨᠡᠬᠦ ᠵᠠᠩᠭᠢᠯᠠᠭ᠎ᠠ ᠶᠢᠨ ᠠᠷᠭ᠎ᠠ ᠶᠢ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠢ᠃ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠶᠢ ᠰᠦᠪᠡᠭᠴᠢᠯᠡᠬᠦ᠂ ᠥᠭᠡᠷᠡᠴᠢᠯᠡᠯᠲᠡ ᠶᠢ ᠠᠳᠬᠤᠬᠤ᠂ ᠥᠭᠡᠷᠡᠴᠢᠯᠡᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠡᠩ ᠶᠡᠭᠡ ᠡᠷᠡᠰ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠥᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠪᠡ᠃ ᠬᠤᠶᠠᠷ ᠲᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠭᠤᠷᠪᠠᠨ ᠡᠬᠡ ᠳᠠᠩᠰᠠ︾ ︽ᠳᠥᠷᠪᠡᠨ ᠨᠠᠷᠢᠨ ᠳᠠᠩᠰᠠ︾ ᠶᠢ ᠵᠠᠯᠭᠠᠨ ᠠᠪᠬᠤ ᠪᠠ ᠨᠠᠶᠢᠳᠠᠪᠤᠷᠢᠵᠢᠭᠤᠯᠵᠤ᠂ ᠨᠠᠷᠢᠨ ᠳᠠᠩᠰᠠ ᠶᠢᠨ ᠬᠠᠮᠢᠶᠠᠷᠤᠯᠲᠠ᠂ ᠲᠥᠷᠥᠯ ᠵᠦᠢᠯ ᠢᠶᠠᠷ ᠠᠬᠢᠭᠤᠯᠬᠤ ᠶᠢ ᠬᠡᠷᠡᠭᠵᠢᠭᠦᠯᠦᠨ᠎ᠡ᠃ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠰᠢᠶᠠᠨ ᠤ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠰᠢᠶᠠᠨ ᠤ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠪᠦᠬᠦ ᠲᠠᠯ᠎ᠠ ᠠᠴᠠ ᠨᠢᠭᠡ ᠣᠷᠣᠨ ᠪᠦᠰᠡ ᠶᠢ ᠲᠥᠯᠥᠪᠵᠢᠭᠦᠯᠵᠦ᠂ ᠨᠢᠭᠡ ᠣᠷᠣᠨ ᠪᠦᠰᠡ ᠪᠠᠷ ᠪᠦᠬᠦ ᠲᠠᠯ᠎ᠠ ᠳᠤ ᠦᠢᠯᠡᠴᠢᠯᠡᠬᠦ ᠶᠢ ᠡᠷᠡᠰ ᠪᠡᠶᠡᠯᠡᠭᠦᠯᠵᠦ᠂ ᠪᠥᠬᠦ ᠰᠢᠶᠠᠨ ᠤ ᠬᠥᠭᠵᠢᠯᠲᠡ ᠶᠢᠨ ᠰᠡᠳᠬᠢᠴᠡ ᠶᠢ ᠣᠨᠢᠨ ᠳᠡᠭᠡᠷ᠎ᠡ ᠨᠢ ᠪᠠᠶᠢᠭᠤᠯᠵᠤ᠂ ᠡᠯᠧᠮᠧᠨ᠋ᠲ ᠤᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ︽ᠲᠠᠶᠢᠯᠪᠤᠷᠢᠯᠠᠬᠤ ᠰᠡᠳᠬᠢᠬᠦᠢ︾ ᠶᠢ ᠪᠣᠢ ᠪᠣᠯᠭᠠᠵᠤ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠪᠡ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号