12 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ | ᠳᠤᠭᠤᠶᠢᠯᠠᠩ 2024 ᠣᠨ ᠤ 15 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᡁᠢ ᠢᠦᠢ᠂ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠤᠨ ᠰᠠᠯᠠᠭᠠᠨ ᠤ ᠳᠠᠷᠤᠭ᠎ᠠ ᠶᠠᠩ ᠽᠧ | ᠲᠢᠶᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢ ᠷᠦᠢ ᠬᠤᠷᠠᠯ ᠡᠷᠬᠢᠯᠡᠪᠡ᠃ | ᠲᠤᠰ ᠤᠳᠠᠭ᠎ᠠ ᠶᠢᠨ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠨᠠᠮ ᠤᠨ ᠲᠥᠪ ᠬᠤᠷᠢᠶᠠᠨ ᠤ ︽ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ | ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠤᠷᠤᠯᠴᠠᠪᠠ᠃ ᠬᠤᠷᠠᠯ ᠠᠴᠠ ᠬᠤᠲᠠ ᠶᠢᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ | ᠰᠤᠳᠤᠯᠬᠤ ᠲᠠᠰᠤᠭ ᠤᠨ ᠯᠧᠺᠲ᠋ᠣᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠲᠤᠰᠢᠶᠠᠯ ᠡᠭᠦᠷᠭᠡᠯᠡᠭᠰᠡᠨ ᠳᠡᠳ᠋ ᠵᠠᠬᠢᠷᠤᠯ ᠵᠠᠩ ᠱᠤ ᠵᠢᠶᠦ᠋ᠨ ᠢ ᠤᠷᠢᠵᠤ ︽ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠱᠠᠲᠤᠨ ᠤ ᠺᠠᠳ᠋ᠷ ᠤᠨ ᠳᠠᠷᠤᠭᠠᠰᠤ ᠶᠢ ᠬᠥᠩᠭᠡᠷᠡᠭᠦᠯᠬᠦ ᠳᠤ ᠴᠢᠳᠠᠪᠤᠷᠢ | ᠣᠯᠭᠤᠨ᠎ᠠ - ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠲᠤᠬᠠᠢ ᠲᠣᠭᠲᠠᠭᠠᠯ ᠤᠳ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ | ᠵᠠᠩ ᠱᠤ ᠵᠢᠶᠦ᠋ᠨ ︽ᠲᠣᠭᠲᠠᠭᠠᠯ ᠤᠳ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠤᠨ | ᠲᠣᠭᠤᠷᠢᠨ ᠳᠤ᠂ ︽ᠲᠣᠭᠲᠠᠭᠠᠯ ᠤᠳ︾ ᠤᠨ ᠠᠭᠤᠯᠭ᠎ᠠ ᠪᠠ ᠪᠣᠳᠠᠲᠠᠢ ᠱᠠᠭᠠᠷᠳᠠᠯᠭ᠎ᠠ ᠶᠢᠨ ᠲᠣᠭᠤᠷᠢᠨ ᠳᠤ᠂ ︽ | ᠲᠣᠭᠲᠠᠭᠠᠯ ᠤᠳ︾ ᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠭᠤᠷᠪᠠᠨ ᠲᠠᠯ᠎ᠠ ᠶᠢᠨ ᠰᠢᠰᠲ᠋ᠧᠮ ᠲᠠᠢ | ᠲᠠᠶᠢᠯᠤᠮᠵᠢ ᠬᠢᠪᠡ᠃ | ᠬᠤᠷᠠᠯ ᠠᠴᠠ᠂ ᠨᠢᠭᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠤᠯᠤᠰ ᠲᠥᠷᠥ ᠶᠢᠨ ᠤᠬᠠᠮᠰᠠᠷ ᠢᠶᠠᠨ | ᠳᠡᠭᠡᠭᠰᠢᠯᠡᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ ᠭᠡᠪᠡ᠃ ᠪᠥᠬᠦ ᠰᠢᠶᠠᠨ ᠤ ᠳᠡᠭᠡᠳᠦ | ᠳᠣᠣᠷᠠᠳᠤ ᠱᠠᠲᠤ ᠪᠠᠷ ᠢᠶᠠᠨ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠨᠢᠭᠡ ᠵᠦᠢᠯ ᠤᠨ ᠴᠢᠬᠤᠯᠠ | ᠤᠯᠤᠰ ᠲᠥᠷᠥ ᠶᠢᠨ ᠡᠭᠦᠷᠭᠡ ᠪᠣᠯᠭᠠᠵᠤ᠂ ︽ᠲᠣᠭᠲᠠᠭᠠᠯ ᠤᠳ︾ ᠢ ᠲᠤᠭᠤᠰᠢᠯᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ︽ | ᠲᠠᠶᠢᠯᠬᠤ ᠰᠡᠳᠬᠢᠬᠦᠢ︾ ᠪᠠᠷ ᠲᠦᠭᠵᠢᠷᠡᠯ ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠬᠡᠯᠪᠡᠷᠢᠴᠢ | ᠦᠵᠡᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠬᠤ ᠬᠡᠷᠡᠭᠲᠡᠢ ᠭᠡᠪᠡ᠃ ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠦᠵᠡᠯ ᠰᠠᠨᠠᠭᠠᠨ ᠤ ᠤᠬᠠᠮᠰᠠᠷ ᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠬᠤ ᠬᠡᠷᠡᠭᠲᠡᠢ ᠭᠡᠪᠡ᠃ ᠪᠥᠬᠦ | ᠰᠢᠶᠠᠨ ᠢᠶᠠᠷ ᠢᠶᠠᠨ ︽ᠲᠣᠭᠲᠠᠭᠠᠯ ᠤᠳ︾ ᠲᠤ ᠲᠣᠳᠣᠷᠬᠠᠶᠢᠯᠠᠭᠰᠠᠨ ᠲᠤᠯᠤᠭᠠᠨ ᠲᠠᠯ᠎ᠠ ᠶᠢᠨ ᠭᠤᠣᠯᠳᠠᠯᠭ᠎ᠠ ᠲᠠᠢ | ᠡᠭᠦᠷᠭᠡ᠂ 21 ᠵᠦᠢᠯ ᠤᠨ ᠪᠣᠳᠠᠲᠠᠢ ᠲᠣᠭᠲᠠᠭᠠᠯ ᠤᠨ ᠱᠠᠭᠠᠷᠳᠠᠯᠭ᠎ᠠ ᠶᠢᠨ ᠲᠣᠭᠤᠷᠢᠨ ᠳᠤ᠂ | ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠰᠠᠶᠢᠲᠤᠷ ᠠᠳᠬᠤᠵᠤ᠂ ︽ᠲᠣᠭᠲᠠᠭᠠᠯ ᠤᠳ︾ ᠤᠨ ᠡᠯ᠎ᠡ | ᠵᠦᠢᠯ ᠤᠨ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ | ᠬᠡᠷᠡᠭᠲᠡᠢ ᠭᠡᠪᠡ᠃ ᠦᠨᠡᠨ ᠬᠦ ᠬᠠᠲᠠᠭᠤ ᠲᠠᠢ ᠨᠢ ᠬᠠᠯᠳᠠᠵᠤ ᠬᠠᠷᠢᠴᠠᠭᠤᠯᠤᠨ ᠪᠠᠶᠢᠴᠠᠭᠠᠬᠤ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ︽ᠨᠢᠭᠡ ᠶᠠᠪᠤᠳᠠᠯ︾ ᠢ ᠰᠢᠢᠳᠪᠦᠷᠢᠯᠡᠬᠦ ᠠᠴᠠ | ︽ᠨᠢᠭᠡ ᠲᠥᠷᠥᠯ ᠤᠨ ᠶᠠᠪᠤᠳᠠᠯ︾ ᠢ ᠰᠠᠶᠢᠲᠤᠷ ᠬᠢᠬᠦ ᠲᠡᠰᠢ ᠤᠷᠲᠤᠳᠬᠠᠵᠤ᠂ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠶᠢ | ᠠᠬᠢᠭᠤᠯᠬᠤ ᠬᠡᠷᠡᠭᠲᠡᠢ᠃ ᠭᠤᠷᠪᠠ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯᠯᠠᠭᠠᠨ ᠤ ᠤᠬᠠᠮᠰᠠᠷ ᠢᠶᠠᠨ | ᠴᠢᠩᠭᠠᠳᠬᠠᠵᠤ᠂ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠬᠡᠷᠡᠭᠲᠡᠢ ᠭᠡᠪᠡ᠃ ᠪᠥᠬᠦ ᠰᠢᠶᠠᠨ ᠢᠶᠠᠷ ᠢᠶᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠭᠦᠨᠵᠡᠭᠡᠶᠢᠷᠡᠵᠦ᠂ ᠦᠨᠳᠦᠰᠦᠨ ᠱᠠᠲᠤᠨ ᠤ ᠺᠠᠳ᠋ᠷ ᠤᠨ ᠲᠤᠰᠬᠠᠯ ᠴᠢᠩᠭ᠎ᠠ ᠪᠠᠶᠢᠭ᠎ᠠ ᠳᠣᠪᠤᠶᠢᠮ᠎ᠠ ᠠᠰᠠᠭᠤᠳᠠᠯ ᠳᠤ | ᠨᠢᠭᠡ ᠶᠢ ᠢᠯᠡᠷᠡᠭᠦᠯᠵᠦ᠂ ᠨᠢᠭᠡ ᠶᠢ ᠴᠡᠭᠴᠡᠯᠡᠨ ᠵᠠᠰᠠᠵᠤ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ | ᠪᠡᠶᠡᠯᠡᠭᠦᠯᠵᠦ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ᠂ ᠡᠯ᠎ᠡ ᠵᠦᠢᠯ ᠤᠨ ᠴᠡᠭᠴᠡᠯᠡᠨ ᠵᠠᠰᠠᠬᠤ | ᠠᠵᠢᠯ ᠤᠨ ᠴᠢᠨᠠᠷ ᠰᠠᠶᠢᠲᠠᠢ᠂ ᠦᠷ᠎ᠡ ᠪᠦᠲᠦᠮᠵᠢ ᠰᠠᠶᠢᠨ ᠪᠠᠶᠢᠬᠤ ᠶᠢ ᠪᠠᠲᠤᠯᠠᠵᠤ᠂ ᠬᠠᠨᠤᠮᠵᠢᠲᠠᠢ ᠬᠠᠷᠢᠭᠤᠯᠲᠠ ᠶᠢᠨ | ᠬᠠᠭᠤᠳᠠᠰᠤ ᠲᠤᠰᠢᠶᠠᠬᠤ ᠬᠡᠷᠡᠭᠲᠡᠢ ᠭᠡᠪᠡ᠃ | ᠪᠦᠬᠦ ᠭᠡᠷ ᠲᠡᠭᠡᠨ ᠪᠠᠶᠢᠭ᠎ᠠ ᠰᠢᠶᠠᠨ ᠤ ᠱᠠᠲᠤᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠵᠢᠨᠱᠠᠨ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ | ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ᠂ ᠰᠢᠶᠠᠨ ᠤ | ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠵᠠᠢ᠃ | |