ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠨᠠᠮ ᠤᠨ ᠭᠡᠰᠢᠭᠦᠨ ᠤ ᠦᠵᠡᠯ ᠰᠠᠨᠠᠭ᠎ᠠ | ᠤᠯᠤᠰ ᠲᠥᠷᠥ ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 12 ᠰᠠᠷ᠎ᠠ ᠶᠢᠨ 13 ᠤ ᠡᠳᠦᠷ ᠵᠢᠨᠱᠠᠨ ᠪᠠᠯᠭᠠᠰᠤ 2024 | ᠣᠨ ᠤ ᠨᠠᠮ ᠤᠨ ᠭᠡᠰᠢᠭᠦᠨ ᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ ᠡᠷᠬᠢᠯᠡᠵᠦ᠂ ᠪᠦᠬᠦ | ᠪᠠᠯᠭᠠᠰᠤᠨ ᠤ 700 ᠰᠢᠬᠠᠮ ᠨᠠᠮ ᠤᠨ ᠭᠡᠰᠢᠭᠦᠨ ᠣᠷᠣᠯᠴᠠᠪᠠ᠃ | ᠲᠤᠰ ᠤᠳᠠᠭᠠᠨ ᠤ ᠪᠣᠯᠪᠠᠰᠤᠷᠠᠭᠤᠯᠤᠯ ᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠨᠱᠠᠨ ᠪᠠᠯᠭᠠᠰᠤᠨ ᠳᠤ ᠭᠤᠣᠯ ᠬᠤᠷᠠᠯ ᠤᠨ ᠲᠠᠯᠠᠪᠠᠢ | ᠭᠠᠷᠭᠠᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃ ᠣᠯᠠᠨ | ᠬᠠᠷᠠᠭᠠᠰᠤ᠂ ᠣᠯᠠᠨ ᠳᠡᠰ ᠳᠠᠪᠬᠤᠷᠭ᠎ᠠ ᠶᠢᠨ ᠪᠣᠯᠪᠠᠰᠤᠷᠠᠯ ᠢ ᠥᠷᠨᠢᠭᠦᠯᠬᠦ ᠠᠷᠭ᠎ᠠ ᠪᠣᠳᠣᠯᠭ᠎ᠠ ᠶᠢ ᠴᠢᠨᠠᠷ ᠰᠠᠶᠢᠲᠠᠢ | ᠬᠢᠴᠢᠶᠡᠯ ᠢ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ | ᠪᠦᠲᠦᠮᠵᠢᠲᠡᠢ ᠪᠠᠭᠤᠷᠠᠭᠤᠯᠬᠤ ᠶᠢᠨ ᠬᠠᠮᠲᠤ ᠪᠠᠰᠠ ᠰᠤᠷᠤᠯᠴᠠᠯᠭ᠎ᠠ ᠳᠤ ᠳᠥᠭᠦᠮ ᠦᠵᠡᠭᠦᠯᠬᠦ ᠬᠡᠮᠵᠢᠶ᠎ᠡ ᠶᠢ ᠶᠡᠭᠡ ᠪᠠᠷ | ᠳᠡᠭᠡᠭᠰᠢᠯᠡᠭᠦᠯᠵᠦ ᠴᠢᠳᠠᠨ᠎ᠠ᠃ ᠡᠭᠦᠨ ᠤ ᠬᠠᠮᠲᠤ ᠬᠢᠴᠢᠶᠡᠯ ᠨᠢ ᠨᠠᠮᠴᠢ ᠴᠢᠨᠠᠷ ᠤᠨ ᠪᠣᠯᠪᠠᠰᠤᠷᠠᠯ᠂ ᠤᠯᠤᠰ | ᠲᠥᠷᠥ ᠶᠢᠨ ᠣᠨᠣᠯ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠰᠢᠨ᠎ᠡ ᠶᠢ ᠡᠭᠦᠳᠬᠦ ᠴᠢᠳᠠᠪᠤᠷᠢ ᠵᠡᠷᠭᠡ ᠣᠯᠠᠨ | ᠵᠠᠩᠭᠢᠯᠠᠭ᠎ᠠ ᠶᠢᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ | ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠠᠵᠢᠯ ᠤᠨ ᠺᠠᠳ᠋ᠷ ᠤᠨ ᠤᠯᠤᠰ | ᠲᠥᠷᠥ ᠶᠢᠨ ᠣᠨᠣᠯ ᠤᠨ ᠲᠦᠪᠰᠢᠨ ᠪᠣᠯᠤᠨ ᠨᠠᠮ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠺᠠᠳ᠋ᠷ ᠤᠨ | ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠲᠤᠰ ᠤᠳᠠᠭᠠᠨ ᠤ ᠪᠣᠯᠪᠠᠰᠤᠷᠠᠭᠤᠯᠤᠯ ᠨᠢ ᠬᠢᠴᠢᠶᠡᠯ ᠤᠨ ᠠᠭᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ᠂ ᠣᠯᠠᠨ | ᠶᠠᠩᠵᠤ ᠶᠢᠨ ᠪᠥᠭᠡᠳ ᠮᠠᠰᠢ ᠬᠠᠨᠳᠤᠯᠭᠠᠲᠤ ᠴᠢᠨᠠᠷᠲᠠᠢ ᠪᠠᠶᠢᠬᠤ ᠪᠠᠷ ᠪᠠᠷᠠᠬᠤ ᠦᠭᠡᠢ᠂ ᠭᠦᠶᠡᠩ ᠰᠢᠶᠠᠨ ᠤ ᠨᠠᠮ ᠤᠨ | ᠰᠤᠷᠭᠠᠭᠤᠯᠢ ᠶᠢᠨ ᠪᠠᠭᠰᠢ ᠯᠢ ᠯᠢ᠂ ᠳ᠋ᠦᠩ ᠶᠠᠩ ᠶᠠᠩ᠂ ᠬᠣ᠋ ᠪᠢᠩ ᠨᠠᠷ ᠢ ᠣᠨᠴᠠᠭᠠᠶᠢᠯᠠᠨ ᠤᠷᠢᠵᠤ ᠬᠢᠴᠢᠶᠡᠯ | ᠵᠢᠭᠠᠯᠭᠠᠨ᠎ᠠ᠂ ᠬᠢᠴᠢᠶᠡᠯ ᠤᠨ ᠠᠭᠤᠯᠭ᠎ᠠ ᠨᠢ ᠲᠤᠰ ᠲᠤᠰ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ︾᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ︾᠂ ︽ᠰᠢ ᠶᠢᠨ ᠫᠢᠩ ᠤᠨ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ︾ ᠪᠠᠶᠢᠵᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠲᠤ ᠮᠠᠰᠢ ᠶᠡᠭᠡ ᠠᠰᠢᠭ ᠬᠦᠷᠲᠡᠭᠡᠵᠦ᠂ ᠢᠯᠠᠩᠭᠤᠶ᠎ᠠ ᠦᠵᠡᠯ ᠤᠬᠠᠮᠰᠠᠷ ᠤᠨ | ᠬᠡᠯᠪᠡᠷᠢ ᠶᠢᠨ ᠰᠦᠯᠵᠢᠶᠡᠨ ᠤ ᠠᠵᠢᠯᠲᠠᠨ ᠤ ᠥᠷᠨᠢᠭᠦᠯᠦᠭᠰᠡᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠮᠢᠶ᠎ᠠ ᠪᠦᠬᠦᠢ ᠪᠣᠯᠪᠠᠰᠤᠷᠠᠭᠤᠯᠤᠯ ᠳᠤ ᠴᠢᠭᠯᠡᠭᠦᠯᠦᠨ᠂ ᠵᠢᠨᠱᠠᠨ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠵᠢᠴᠢ ᠡᠯ᠎ᠡ | ᠲᠣᠰᠬᠤᠨ᠂ ᠨᠡᠶᠢᠭᠡᠮ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠰᠦᠯᠵᠢᠶᠡᠨ ᠤ ᠠᠵᠢᠯᠲᠠᠨ ᠤ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠢᠮᠠᠭᠲᠠ ᠲᠤᠤᠱᠯᠠᠭᠤᠯᠵᠤ᠂ ᠡᠴᠦᠰ ᠲᠤᠨᠢ ᠲᠤᠯᠲᠠᠯ᠎ᠠ ᠠᠳᠬᠤᠵᠤ᠂ | ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠳᠤ ᠠᠰᠢᠭᠲᠠᠢ ᠪᠣᠯᠭᠠᠵᠠᠢ᠃ | ᠲᠤᠰ ᠤᠳᠠᠭᠠᠨ ᠤ ᠲᠥᠪᠯᠡᠷᠡᠭᠦᠯᠦᠨ ᠪᠣᠯᠪᠠᠰᠤᠷᠠᠭᠤᠯᠬᠤ ᠪᠠᠷ ᠳᠠᠮᠵᠢᠨ᠂ ᠨᠠᠮ ᠤᠨ ᠭᠡᠰᠢᠭᠦᠳ ᠦᠵᠡᠯ ᠰᠠᠨᠠᠭ᠎ᠠ | ᠲᠠᠨᠢᠯᠲᠠ᠂ ᠤᠯᠤᠰ ᠲᠥᠷᠥ ᠶᠢᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠵᠡᠷᠭᠡ ᠲᠠᠯ᠎ᠠ ᠪᠠᠷ ᠴᠥᠮ | ᠢᠯᠡᠳᠲᠡ ᠳᠡᠭᠡᠭᠰᠢᠯᠡᠪᠡ᠃ ᠣᠯᠠᠨ ᠢᠶᠠᠷ ᠢᠶᠠᠨ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠰᠢᠨ᠎ᠡ ᠭᠠᠷᠤᠭ᠎ᠠ ᠪᠣᠯᠭᠠᠵᠤ | ᠂ ᠰᠣᠷᠣᠭᠰᠠᠨ ᠵᠦᠢᠯ ᠢᠶᠠᠨ ᠡᠳᠦᠷ ᠲᠤᠲᠤᠮ ᠤᠨ ᠠᠵᠢᠯ ᠠᠮᠢᠳᠤᠷᠠᠯ ᠳᠠᠭᠠᠨ ᠠᠭᠤᠰᠤᠯᠴᠠᠭᠤᠯᠵᠤ᠂ ᠨᠡᠩ ᠡᠷᠡᠰ | ᠪᠠᠲᠤ ᠢᠲᠡᠭᠡᠯ ᠵᠣᠷᠢᠭ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠠᠳ ᠲᠦᠮᠡᠨ ᠳᠤ ᠦᠢᠯᠡᠴᠢᠯᠡᠬᠦ ᠠᠭᠤᠤ | ᠶᠡᠭᠡ ᠦᠢᠯᠡᠰ ᠲᠤ ᠣᠷᠣᠯᠴᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ | |