︽ᠬᠠᠬᠢᠷ ᠡᠪᠦᠯ ᠠᠷᠠᠳ ᠢ ᠳᠤᠯᠠᠭᠠᠯᠠᠬᠤ︾ ᠠᠷᠠᠳ ᠲᠦᠮᠡᠨ ᠳᠤ ᠦᠢᠯᠡᠴᠢᠯᠡᠬᠦ ᠠᠵᠢᠯᠯᠠᠭ᠎ᠠ | ᠣᠶᠢᠷ᠎ᠠ ᠳᠤ᠂ ᠬᠠᠬᠢᠷ ᠬᠦᠢᠲᠡᠨ ᠡᠪᠦᠯ ᠤᠨ ᠡᠳᠦᠷ ᠲᠤ᠂ ᠰᠢᠩ ᠱᠦᠨ ᠰᠢ ᠪᠠᠯᠭᠠᠰᠤ ︽ᠪᠢ ᠣᠯᠠᠨ | ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠎ᠡ︾ ᠭᠡᠬᠦ ᠠᠮᠠᠯᠠᠯᠲᠠ ᠪᠠᠨ ᠦᠢᠯᠡᠳᠦᠯᠭᠡᠵᠢᠭᠦᠯᠵᠦ᠂ ᠢᠳᠡᠪᠬᠢᠲᠡᠢ ᠪᠠᠷ | ᠦᠭᠡ ᠬᠡᠯᠡᠵᠦ ︽ᠭᠠᠷ ᠬᠤᠯᠪᠣᠵᠤ︾ ᠡᠪᠦᠯ ᠢ ᠳᠤᠯᠠᠭᠠᠴᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ | ᠲᠣᠰᠬᠤᠨ ᠤ ᠠᠷᠠᠳ ᠸᠠᠩ ᠴᠢ ᠶᠢᠨ ᠬᠥᠭᠰᠢᠨ ᠬᠤᠶᠠᠭᠤᠯᠠ ᠶᠢ ᠪᠦᠬᠦ ᠬᠦᠴᠦᠨ ᠢᠶᠠᠷ ᠢᠶᠠᠨ ᠬᠠᠪᠰᠤᠷᠴᠤ | ᠠᠮᠢᠳᠤᠷᠠᠯ ᠤᠨ ᠨᠥᠬᠦᠴᠡᠯ ᠢ ᠨᠢ ᠰᠠᠶᠢᠵᠢᠷᠠᠭᠤᠯᠪᠠ᠃ ᠸᠠᠩ ᠴᠢ ᠶᠢᠨ ᠭᠡᠷ ᠪᠠᠶᠢᠰᠢᠩ ᠤᠨ ᠨᠢᠷᠤᠭᠤ ᠨᠢ ᠳᠣᠷᠣᠭᠰᠢ | ᠪᠠᠭᠤᠵᠤ᠂ ᠲᠣᠭᠤᠰᠬᠠᠨ ᠪᠠᠶᠢᠰᠢᠩ ᠨᠢ ᠲᠦᠭᠡᠭᠡᠯ ᠤᠰᠤ ᠬᠦᠷᠬᠦ ᠦᠭᠡᠢ ᠪᠠᠶᠢᠬᠤ ᠪᠠ ᠳᠠᠮᠵᠢᠭᠤᠯᠬᠤ ᠬᠤᠭᠤᠯᠠᠢ | ᠬᠠᠭᠤᠴᠢᠷᠠᠵᠤ ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠣᠰᠬᠤᠨ ᠤ ᠠᠷᠠᠳ ᠤᠨ ᠵᠥᠪᠯᠡᠯ ᠬᠤᠶᠠᠷ ᠨᠠᠰᠤᠲᠠᠨ ᠤ | ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠦᠳᠲᠡᠷ ᠲᠦᠷᠭᠡᠨ ᠡᠩᠨᠡᠭᠡ ᠶᠢ ᠵᠣᠬᠢᠶᠠᠨ | ᠪᠠᠶᠢᠭᠤᠯᠤᠨ ᠬᠤᠶᠠᠷ ᠥᠨᠳᠥᠷ ᠨᠠᠰᠤᠲᠠᠨ ᠢ ᠬᠠᠪᠰᠤᠷᠤᠨ ᠭᠡᠷ ᠨᠡᠭᠦᠯᠭᠡᠵᠦ᠂ ᠪᠠᠰᠠ ᠲᠤᠰᠬᠠᠢ ᠮᠡᠷᠭᠡᠵᠢᠯ ᠤᠨ | ᠬᠥᠮᠦᠰ ᠢ ᠤᠷᠢᠵᠤ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠬᠤ ᠶᠢᠨ ᠬᠠᠮᠲᠤ ᠥᠭᠡᠷᠡᠴᠢᠯᠡᠬᠦ ᠲᠥᠰᠦᠯ | ᠲᠣᠭᠲᠠᠭᠠᠯᠭᠠᠵᠤ᠂ ᠰᠢᠨ᠎ᠡ ᠭᠡᠷ ᠤᠨ ᠬᠤᠭᠤᠯᠠᠢ ᠰᠣᠯᠢᠬᠤ ᠪᠠ ᠳᠡᠪᠢᠰᠬᠦ ᠶᠢ ᠥᠨᠳᠥᠷ ᠪᠦᠲᠦᠮᠵᠢᠲᠡᠢ ᠪᠠᠷ | ᠪᠡᠶᠡᠯᠡᠭᠦᠯᠵᠦ᠂ ᠴᠡᠪᠡᠷ ᠲᠤᠩᠭᠠᠯᠠᠭ ᠲᠦᠭᠡᠭᠡᠯ ᠤᠰᠤ ᠶᠢ ᠳᠠᠬᠢᠨᠲᠠ ᠰᠠᠭᠠᠳ ᠦᠭᠡᠢ ᠰᠢᠨ᠎ᠡ ᠭᠡᠷ ᠲᠤ ᠣᠷᠣᠭᠤᠯᠪᠠ᠃ | ᠬᠠᠬᠢᠷ ᠡᠪᠦᠯ ᠬᠦᠷᠴᠦ ᠢᠷᠡᠬᠦ ᠶᠢ ᠳᠠᠭᠠᠯᠳᠤᠨ᠂ ᠸᠠᠩ ᠴᠢ ᠶᠢᠨ ᠭᠡᠷ ᠤᠨ ᠳᠤᠯᠠᠭᠠᠯᠠᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠪᠣᠳᠣᠯᠬᠢᠯᠠᠵᠤ᠂ ᠬᠤᠶᠠᠷ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠬᠤ ᠶᠢ | ᠲᠣᠰᠬᠤᠨ ᠤ ᠠᠷᠠᠳ ᠤᠨ ᠵᠥᠪᠯᠡᠯ ᠰᠠᠨᠠᠭᠠᠴᠢᠯᠠᠭ᠎ᠠ ᠠᠴᠠ ᠪᠠᠨ ᠠᠷᠭ᠎ᠠ ᠤᠬᠠᠭᠠᠨ ᠰᠦᠪᠡᠭᠴᠢᠯᠡᠵᠦ᠂ ᠪᠠᠯᠭᠠᠰᠤᠨ ᠤ | ᠵᠠᠰᠠᠭ ᠤᠨ ᠣᠷᠳᠣᠨ ᠠᠴᠠ ᠢᠳᠡᠪᠬᠢᠲᠡᠢ ᠪᠠᠷ ᠴᠢᠷᠮᠠᠶᠢᠨ᠂ ᠨᠡᠭᠦᠷᠡᠰᠦᠨ ᠤ ᠲᠠᠯᠠᠪᠠᠢ ᠲᠠᠢ ᠬᠠᠷᠢᠯᠴᠠᠵᠤ ᠸᠠᠩ ᠴᠢ ᠶᠢᠨ | ᠭᠡᠷ ᠲᠤ ᠭᠦᠢᠴᠡᠳ ᠳᠤᠯᠠᠭᠠᠯᠠᠭ᠎ᠠ ᠬᠠᠩᠭᠠᠬᠤ ᠨᠡᠭᠦᠷᠡᠰᠦ ᠲᠡᠭᠡᠭᠡᠪᠦᠷᠢᠯᠡᠨ ᠥᠭᠴᠦ᠂ ᠬᠤᠶᠠᠷ ᠨᠠᠰᠤᠲᠠᠨ ᠳᠤᠯᠠᠭᠠᠨ | ᠡᠪᠦᠯᠵᠢᠬᠦ ᠶᠢ ᠦᠨᠡᠨ ᠬᠦ ᠪᠠᠲᠤᠯᠠᠪᠠ᠃ ᠡᠭᠦᠨ ᠠᠴᠠ ᠭᠠᠳᠠᠨ᠎ᠠ᠂ ᠸᠠᠩ ᠴᠢ ᠶᠢᠨ ᠣᠷᠣᠨ ᠰᠠᠭᠤᠴᠠ ᠶᠢᠨ | ᠨᠥᠬᠦᠴᠡᠯ ᠳᠤ ᠲᠣᠬᠢᠷᠠᠭᠤᠯᠤᠯᠲᠠ ᠬᠢᠭᠰᠡᠨ ᠠᠴᠠ ᠪᠣᠯᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡ ᠠᠴᠠ | ᠲᠡᠭᠦᠨ ᠢ ᠬᠠᠪᠰᠤᠷᠤᠨ ᠭᠡᠷ ᠨᠡᠭᠦᠯᠭᠡᠬᠦ ᠤᠴᠢᠷ ᠶᠠᠪᠤᠳᠠᠯ ᠢ ᠪᠡᠶᠡᠯᠡᠭᠦᠯᠵᠦ᠂ ᠭᠡᠷ ᠤᠨ ᠬᠡᠷᠡᠭᠰᠡᠯ ᠢ ᠨᠢ ᠡᠳ᠋ | ᠪᠣᠳᠠᠰ ᠢ ᠨᠢ ᠡᠮᠬᠢᠯᠡᠵᠦ᠂ ᠠᠩᠭᠢ ᠶᠢᠨ ᠭᠡᠰᠢᠭᠦᠳ ᠪᠦᠬᠦ ᠶᠠᠪᠤᠴᠠ ᠳᠤ ᠳᠣᠲᠣᠨᠣᠰᠤᠭ ᠢᠶᠠᠷ ᠦᠢᠯᠡᠴᠢᠯᠡᠵᠦ᠂ ᠭᠡᠷ | ᠨᠡᠭᠦᠯᠭᠡᠬᠦ ᠪᠦᠬᠦ᠋ᠢᠯᠡ ᠶᠠᠪᠤᠴᠠ ᠶᠢ ᠤᠷᠤᠭᠰᠢᠲᠠᠢ ᠪᠥᠭᠡᠳ ᠡᠮᠬᠢ ᠵᠢᠷᠤᠮ ᠲᠠᠢ ᠪᠣᠯᠭᠠᠪᠠ᠃ | ᠰᠢᠩ ᠱᠦᠨ ᠰᠢ ᠪᠠᠯᠭᠠᠰᠤ ᠢᠮᠠᠭᠲᠠ ᠲᠣᠰᠬᠤᠨ ᠤ ᠠᠷᠠᠳ ᠤᠨ ᠬᠡᠷᠡᠭᠴᠡᠭᠡ ᠶᠢ ᠲᠡᠷᠢᠭᠦᠨ ᠪᠠᠶᠢᠷᠢᠨ ᠳᠤ | ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠠᠷᠠᠳ ᠤᠨ ᠠᠮᠢᠳᠤᠷᠠᠯ ᠤᠨ ᠳᠤᠮᠳᠠᠬᠢ ᠪᠠᠴᠢᠮ ᠬᠦᠴᠢᠷ | ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠵᠦ᠂ ᠸᠠᠩ ᠴᠢ ᠶᠢᠨ ᠭᠡᠷ ᠤᠨ ᠠᠮᠢᠳᠤᠷᠠᠯ ᠤᠨ ᠶᠠᠰᠤ ᠴᠢᠨᠠᠷ ᠢ | ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠲᠣᠰᠬᠤᠨ ᠤ ᠠᠷᠠᠳ ᠤᠨ ᠵᠥᠪᠯᠡᠯ ᠤᠨ ᠬᠠᠯᠠᠮᠵᠢᠯᠠᠯ ᠪᠠ ᠡᠭᠦᠷᠭᠡᠯᠡᠯ ᠢ | ᠮᠡᠳᠡᠷᠡᠭᠦᠯᠵᠦ᠂ ᠲᠣᠰᠬᠤᠨ ᠤ ᠠᠷᠠᠳ ᠤᠨ ᠵᠥᠪᠯᠡᠯ ᠪᠣᠯᠤᠨ ᠲᠣᠰᠬᠤᠨ ᠤ ᠠᠷᠠᠳ ᠤᠨ ᠬᠤᠭᠤᠷᠣᠨᠳᠣᠬᠢ ᠨᠢᠭᠲᠠ | ᠬᠠᠷᠢᠯᠴᠠᠭ᠎ᠠ ᠪᠠ ᠢᠲᠡᠭᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ | ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | |