ᠭᠦᠶᠡᠩ ᠰᠢᠶᠠᠨ ᠤ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2024/12/17
    ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠳᠦᠭᠡ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠳᠣᠤᠷᠠᠬᠢ ᠮᠡᠲᠦ ᠮᠡᠳᠡᠭᠦᠯᠦᠶ᠎ᠡ᠃    ᠨᠢᠭᠡ᠂ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ    ︵ᠨᠢᠭᠡ︶ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠢᠰᠲ᠋ᠧᠮᠵᠢᠭᠦᠯᠦᠭᠰᠡᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠤᠨ᠎ᠠ᠃    ᠨᠢᠭᠡ ᠳᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠰᠢᠶᠠᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ 5948 ᠵᠦᠢᠯ᠂ ᠲᠢᠩᠬᠢᠮ ᠳᠤ ᠣᠷᠣᠭᠤᠯᠬᠤ ᠵᠦᠢᠯᠡᠰ ᠢ 1291 ᠵᠦᠢᠯ ᠡᠮᠬᠢᠯᠡᠨ ᠨᠡᠶᠢᠲᠡᠯᠡᠵᠦ᠂ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠶᠢ ᠪᠡᠶᠡᠯᠡᠭᠦᠯᠵᠦ᠂ ︽ᠶᠡᠷᠦᠩᠬᠡᠶᠢᠯᠡᠭᠰᠡᠨ ᠴᠣᠩᠬᠤᠨ ᠳᠤ ᠣᠷᠣᠭᠤᠯᠬᠤ︾ ᠵᠦᠢᠯᠡᠰ ᠢ 90% ᠠᠴᠠ ᠳᠡᠭᠡᠭᠰᠢ ᠳᠤ ᠬᠦᠷᠦᠭᠦᠯᠦᠨ᠎ᠡ᠃ ᠰᠢᠶᠠᠨ ᠪᠠᠯᠭᠠᠰᠤ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠲᠠᠯᠠᠪᠤᠷ ᠭᠠᠵᠠᠷ ᠤᠨ ᠲᠡᠮᠳᠡᠭ ᠫᠠᠶᠢᠰᠠ᠂ ᠴᠣᠩᠬᠤᠪᠴᠢ ᠪᠠᠶᠢᠷᠢᠯᠠᠭᠤᠯᠬᠤ᠂ ᠲᠠᠯᠠᠪᠤᠷ ᠭᠠᠵᠠᠷ ᠤᠨ ᠦᠢᠯᠡᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠰᠦᠯᠵᠢᠶᠡᠨ ᠳᠡᠭᠡᠷᠡᠬᠢ ︽ᠨᠢᠭᠡ ᠰᠦᠯᠵᠢᠶ᠎ᠡ︾᠂ ᠰᠦᠯᠵᠢᠶᠡᠨ ᠠᠴᠠ ᠭᠠᠳᠠᠨᠠᠬᠢ ︽ᠨᠢᠭᠡ ᠡᠭᠦᠳᠡ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠨᠢᠭᠡ ᠰᠦᠯᠵᠢᠶᠡᠨ ᠤ ᠠᠯᠪᠠᠨ ᠬᠡᠷ︾ ᠢ ᠨᠠᠩ ᠥᠨᠳᠥᠷ ᠪᠦᠲᠦᠮᠵᠢᠲᠡᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ 1491 ᠰᠢᠶᠠᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠷᠣᠭᠤᠯᠤᠨ ᠨᠡᠶᠢᠲᠡᠯᠡᠵᠦ᠂ ᠰᠦᠯᠵᠢᠶᠡᠨ ᠤ ᠠᠯᠪᠠᠨ ᠬᠡᠷ ᠤᠨ ᠡᠵᠡᠯᠡᠬᠦ ᠬᠠᠷᠢᠴᠠᠯ 98.73% ᠪᠠᠶᠢᠵᠤ ᠂ ᠪᠥᠬᠦ ᠶᠠᠪᠤᠴᠠ ᠳᠤ ᠰᠦᠯᠵᠢᠶᠡᠨ ᠤ ᠠᠯᠪᠠᠨ ᠬᠡᠷ ︵IV︶ ᠤᠨ ᠳᠥᠷᠪᠡᠨ ᠱᠠᠲᠤᠨ ᠤ ᠭᠦᠨᠴᠡ 93.23% ᠳᠤ ᠬᠦᠷᠴᠦ᠂ 100% ᠪᠠᠷ ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠬᠦ ᠶᠢ ᠪᠡᠶᠡᠯᠡᠭᠦᠯᠪᠡ᠃ ᠡᠯᠧᠺᠲᠷᠣᠨ ᠦᠨᠡᠮᠯᠡᠯ ᠢ 100929 ᠬᠤᠪᠢ ᠣᠷᠣᠭᠤᠯᠵᠤ᠂ 100912 ᠬᠤᠪᠢ ᠭᠠᠷ ᠤᠨ ᠥᠰᠥᠭ ᠵᠢᠷᠤᠵᠤ ᠲᠠᠮᠠᠭ᠎ᠠ ᠳᠠᠷᠤᠵᠤ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ 99.98% ᠳᠤ ᠬᠦᠷᠴᠦ᠂ ︽ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠤᠯᠠᠮ ᠢᠶᠠᠷ ᠭᠦᠢᠴᠡᠳᠭᠡᠬᠦ ᠳᠤ ᠠᠮᠠᠷ᠂ ᠭᠦᠢᠴᠡᠳᠭᠡᠬᠦ ᠳᠤ ᠬᠢᠯᠪᠠᠷ ᠳᠠᠰᠢ ᠬᠤᠪᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠥᠬᠦᠮ ᠨᠥᠬᠦᠴᠡᠯ ᠤᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃ ᠤᠨᠴᠠᠯᠢᠭᠳᠤ ᠦᠢᠯᠡᠴᠢᠯᠡᠭᠡ ᠶᠢ ᠨᠡᠩ ᠪᠠᠶᠠᠯᠢᠭᠵᠢᠭᠤᠯᠵᠤ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾᠂ ︽ᠲᠠᠨ ᠢ ᠬᠠᠪᠰᠤᠷᠤᠨ ᠭᠦᠢᠴᠡᠳᠬᠡᠬᠦ︾᠂ ︽ᠬᠤᠣᠰ ᠠᠮᠠᠷᠠᠯᠲᠠ ᠶᠢᠨ ᠡᠳᠦᠷ ᠲᠤ ᠡᠭᠦᠳᠡ ᠪᠠᠨ ᠬᠠᠭᠠᠬᠤ ᠦᠭᠡᠢ︾᠂ ᠬᠡᠷ ᠲᠤᠨᠢ ᠣᠴᠢᠵᠤ ᠦᠢᠯᠡᠴᠢᠯᠡᠬᠦ᠂ ︽ᠰᠠᠭᠠᠳ ᠦᠭᠡᠢ ᠨᠡᠪᠲᠡᠷᠡᠬᠦ ᠵᠠᠮ︾ ᠵᠡᠷᠭᠡ ᠤᠯᠠᠨ ᠶᠠᠩᠵᠤ ᠶᠢᠨ ᠠᠮᠢᠳᠤᠯᠢᠭ᠂ ᠳᠥᠭᠦᠮ ᠳᠥᠲᠡ ᠥᠨᠳᠥᠷ ᠪᠦᠲᠦᠮᠵᠢᠲᠡᠢ ᠦᠢᠯᠡᠴᠢᠯᠡᠭᠡ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠴᠥᠭᠡᠨ ᠪᠥᠭᠡᠳ ᠲᠦᠷᠭᠡᠨ︾ ᠪᠠᠶᠢᠬᠤ ᠶᠢ ᠲᠦᠷᠭᠡᠳᠬᠡᠨ ᠪᠡᠶᠡᠯᠡᠭᠦᠯᠦᠨ᠎ᠡ᠃    ᠬᠤᠶᠠᠷ ᠲᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠤᠯᠠᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠦᠬᠦ ᠵᠢᠯ ᠳᠤ 3866 ᠡᠷᠦᠬᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠪᠡ᠃     ᠭᠤᠷᠪᠠ ᠳᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠰᠠᠶᠢᠲᠤᠷ ᠴᠤᠭᠯᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠪᠡᠶᠡᠯᠡᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠬᠤᠶᠠᠷ ᠢ ᠵᠠᠷᠯᠠᠨ ᠨᠡᠶᠢᠲᠡᠯᠡᠬᠦ︾ ᠶᠢ ︽ᠠᠷᠪᠠ ᠶᠢ ᠵᠠᠷᠯᠠᠨ ᠨᠡᠶᠢᠲᠡᠯᠡᠬᠦ︾ ᠪᠣᠯᠭᠠᠨ ᠰᠢᠯᠢᠳᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠥᠬᠦ ᠰᠢᠶᠠᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠶᠡᠷᠦᠩᠬᠡᠶ ᠬᠡᠮᠵᠢᠶ᠎ᠡ ᠶᠢ 37693 ᠵᠤᠷᠪᠤᠰ ᠮᠡᠳᠡᠭᠦᠯᠦᠨ ᠬᠦᠷᠭᠡᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ 100% ᠪᠠᠷ ᠵᠠᠷᠯᠠᠨ ᠨᠡᠶᠢᠲᠡᠯᠡᠬᠦ ᠶᠢ ᠪᠡᠶᠡᠯᠡᠭᠦᠯᠦᠨ᠎ᠡ᠃    ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ     ᠨᠢᠭᠡ ᠳᠤ᠂ ᠰᠠᠯᠠᠭ᠎ᠠ ᠮᠥᠴᠢᠷ ᠤᠨ ᠳᠣᠲᠣᠷᠠᠬᠢ ᠬᠤᠣᠰ ᠲᠠᠰᠢᠷᠠᠮ ᠤᠨ ᠪᠠᠶᠢᠴᠠᠭᠠᠯᠲᠠ ᠶᠢ 58 ᠪᠦᠯᠦᠭ ᠤᠳᠠᠭ᠎ᠠ ᠥᠷᠨᠢᠭᠦᠯᠵᠦ᠂ 469 ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠴᠠᠭᠠᠯᠲᠠ ᠶᠢ ᠪᠡᠶᠡᠯᠡᠭᠦᠯᠪᠡ︔ ᠰᠠᠯᠠᠭ᠎ᠠ ᠮᠥᠴᠢᠷ ᠬᠠᠮᠲᠤᠷᠠᠨ ᠬᠤᠣᠰ ᠲᠠᠰᠢᠷᠠᠮ ᠪᠠᠶᠢᠴᠠᠭᠠᠯᠲᠠ ᠬᠢᠬᠦ 40 ᠪᠦᠯᠦᠭ ᠤᠳᠠᠭ᠎ᠠ ᠶᠢ ᠥᠷᠨᠢᠭᠦᠯᠵᠦ᠂ 135 ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠶᠢᠴᠠᠭᠠᠬᠤ ᠶᠢ ᠪᠡᠶᠡᠯᠡᠭᠦᠯᠪᠡ︔ ᠪᠥᠬᠦ ᠰᠢᠶᠠᠨ ᠤ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠲᠣᠳᠣᠷᠬᠠᠶ ᠬᠠᠭᠤᠳᠠᠰᠤ ᠶᠢᠨ ᠪᠦᠷᠬᠦᠴᠡ ᠶᠢᠨ ᠨᠣᠷᠮ᠎ᠠ 100% ᠳᠤ ᠬᠦᠷᠴᠦ᠂ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠲᠣᠳᠣᠷᠬᠠᠶ ᠬᠠᠭᠤᠳᠠᠰᠤ ᠶᠢᠨ ᠪᠦᠷᠬᠦᠴᠡ ᠶᠢᠨ ᠨᠣᠷᠮ᠎ᠠ 90.4% ᠳᠤ ᠬᠦᠷᠴᠦ᠂ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠲᠣᠳᠣᠷᠬᠠᠶ ᠬᠠᠭᠤᠳᠠᠰᠤ ᠶᠢᠨ ᠪᠦᠷᠬᠦᠴᠡ ᠶᠢᠨ ᠨᠣᠷᠮ᠎ᠠ 40.8% ᠳᠤ ᠬᠥᠷᠪᠡ᠃     ᠬᠤᠶᠠᠷ ᠲᠤ ᠤᠯᠠᠨ ᠨᠡᠶᠢᠲᠡ ᠶᠢᠨ ᠠᠮᠤᠷ ᠲᠦᠪᠰᠢᠨ ᠪᠠ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠳᠤ ᠰᠢᠭᠤᠳ ᠬᠤᠯᠪᠣᠭᠳᠠᠬᠤ ᠵᠡᠷᠭᠡ ᠣᠨᠴᠠᠭᠠᠶ ᠠᠵᠢᠯ ᠲᠦᠷᠦᠯ ᠪᠠ ᠭᠤᠣᠯᠳᠠᠯᠭ᠎ᠠ ᠲᠠᠢ ᠬᠦᠷᠢᠶᠡᠨ ᠳᠤ ᠭᠤᠣᠯᠳᠠᠯᠭ᠎ᠠ ᠲᠠᠢ ᠪᠠᠷ ᠬᠢᠨᠠᠨ ᠬᠠᠮᠢᠶᠠᠷᠬᠤ᠂ ᠪᠦᠬᠦ ᠬᠡᠯᠬᠢᠶ᠎ᠡ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠣᠲᠣ ᠪᠣᠯᠲᠠᠯ᠎ᠠ᠂ ᠭᠤᠤᠯᠳᠠᠯᠭ᠎ᠠ ᠲᠠᠢ ᠴᠠᠭ ᠬᠤᠭᠤᠴᠠᠭᠠᠨ ᠤ ᠲᠤᠰᠬᠠᠶ ᠠᠵᠢᠯᠯᠠᠭ᠎ᠠ ᠶᠢ ᠨᠡᠶᠢᠲᠡ 13 ᠤᠳᠠᠭ᠎ᠠ ᠥᠷᠨᠢᠭᠦᠯᠪᠡ᠃     ᠭᠤᠷᠪᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠲᠡᠭᠦᠨ ᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠷᠢᠶ᠎ᠡ ᠶᠢᠨ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠬᠤᠷᠢᠶ᠎ᠡ ᠶᠢᠨ 2024 ᠣᠨ ᠤ ᠠᠵᠢᠯ ᠤᠨ ᠭᠤᠣᠯᠳᠠᠯᠭ᠎ᠠ︾ ᠪᠠ ︽ᠭᠦᠶᠡᠩ ᠰᠢᠶᠠᠨ ᠤ 2024 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠳᠤ ᠣᠷᠣᠭᠤᠯᠤᠨ᠎ᠠ︔ ᠭᠤᠣᠯᠳᠠᠯᠭ᠎ᠠ ᠲᠠᠢ ᠬᠠᠤᠯᠢ ᠬᠡᠷᠡᠭᠵᠢᠭᠦᠯᠬᠦ ᠬᠦᠷᠢᠶᠡᠨ ᠳᠤ ᠴᠢᠭᠯᠡᠭᠦᠯᠦᠨ 4 ᠪᠦᠯᠦᠭ ᠤᠳᠠᠭ᠎ᠠ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠵᠦ᠂ 105 ᠪᠣᠲᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠪᠠ︔ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾᠂ ︽ᠵᠠᠰᠠᠭ ᠤᠨ ᠣᠷᠳᠣᠨ ᠪᠠᠶᠢᠴᠠᠭᠠᠬᠤ ᠬᠤᠷᠢᠶ᠎ᠠ ᠶᠢ ᠬᠤᠯᠪᠣᠯᠳᠤᠭᠤᠯᠬᠤ︾ ᠵᠡᠷᠭᠡ ᠠᠷᠭ᠎ᠠ ᠮᠠᠶ᠋ᠢᠭ ᠢᠶᠠᠷ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠥᠷᠨᠢᠭᠦᠯᠵᠦ᠂ 10 ᠭᠤᠣᠯᠳᠠᠯᠭ᠎ᠠ ᠲᠠᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯ ᠢ ᠥᠷᠨᠢᠭᠦᠯᠵᠦ᠂ ᠨᠡᠶᠢᠲᠡᠴᠢ ᠴᠢᠨᠠᠷᠲᠠᠶ 5 ᠠᠰᠠᠭᠤᠳᠠᠯ᠂ ᠥᠪᠡᠷᠮᠢᠴᠡ ᠴᠢᠨᠠᠷᠲᠠᠶ 20 ᠠᠰᠠᠭᠤᠳᠠᠯ ᠢ ᠳᠤᠷᠠᠳᠤᠨ ᠭᠠᠷᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠᠨ ᠪᠦᠬᠦ ᠲᠠᠯ᠎ᠠ ᠪᠠᠷ ᠭᠦᠢᠴᠡᠳᠬᠡᠬᠦ ᠶᠢ ᠲᠦᠯᠬᠢᠨ ᠠᠬᠢᠭᠤᠯᠪᠠ᠃     ᠳᠥᠷᠪᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠶᠢᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠭᠦᠶᠡᠩ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠬᠤ ᠠᠵᠢᠯ ᠤᠨ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 300 ᠭᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠠᠵᠢᠯᠲᠠᠨ ᠳᠤ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠥᠷᠨᠢᠭᠦᠯᠵᠦ᠂ 80 ᠭᠠᠷᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠭᠡᠮ ᠤᠨ ᠬᠢᠨᠠᠯᠲᠠ ᠲᠠᠯᠪᠢᠭᠴᠢ ᠵᠢᠴᠢ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠪᠡ᠃     ᠲᠠᠪᠤ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠪᠥᠬᠦ ᠰᠢᠶᠠᠨ ᠳᠤ ᠨᠡᠶᠢᠲᠡ 376 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ 17 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠪᠣᠶ᠃    ︵ᠭᠤᠷᠪᠠ︶ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠤᠷᠢᠯᠡᠬᠦ ᠪᠠ ᠠᠷᠢᠯᠭᠠᠬᠤ ᠰᠢᠰᠲ᠋ᠧᠮ ᠢ ᠪᠦᠷᠢᠨᠰᠢᠬᠦᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠲᠠᠰᠤᠷᠠᠯᠳᠠ ᠦᠭᠡᠢ ᠠᠬᠢᠭᠤᠯᠤᠨ᠎ᠠ᠃    ᠨᠢᠭᠡ ᠳᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠲᠡ ᠶᠢᠨ ᠡᠶᠡᠳᠡᠭᠦᠯᠭᠡ ᠶᠢ ᠵᠣᠯᠭᠠᠭᠤᠯᠬᠤ ᠪᠠᠷ ᠳᠠᠮᠵᠢᠨ 91 ᠵᠥᠷᠢᠴᠡᠯ ᠵᠢᠭᠤᠷᠠᠯᠳᠤᠭᠠᠨ ᠢ ᠠᠮᠵᠢᠯᠲᠠ ᠲᠠᠢ ᠰᠢᠢᠳᠪᠦᠷᠢᠯᠡᠪᠡ︔ ᠡᠶᠡᠳᠡᠭᠦᠯᠦᠭᠴᠢ ᠶᠢ ᠰᠣᠩᠭᠤᠨ ᠤᠷᠢᠵᠤ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠳᠤ ᠢᠳᠡᠪᠬᠢᠲᠡᠶ ᠣᠷᠣᠯᠴᠠᠭᠤᠯᠵᠤ᠂ ᠵᠥᠷᠢᠴᠡᠯ ᠵᠢᠭᠤᠷᠠᠯᠳᠤᠭᠠᠨ ᠢ 608 ᠬᠤᠪᠢ ᠠᠮᠵᠢᠯᠲᠠ ᠲᠠᠢ ᠪᠠᠷ ᠠᠷᠢᠯᠭᠠᠵᠤ᠂ ᠨᠡᠶᠢᠭᠡᠮ ᠤᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃    ᠬᠤᠶᠠᠷ ᠲᠤ᠂ ︽ᠵᠠᠬᠢᠳᠠᠯ ᠰᠤᠷᠪᠤᠯᠵᠢᠯᠠᠭ᠎ᠠ + ᠬᠠᠯᠠᠮᠰᠢᠯ ᠤᠲᠠᠰᠤ︾ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 2024 ᠣᠨ ᠳᠤ ᠨᠡᠶᠢᠲᠡ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ 7935 ᠬᠤᠪᠢ ᠭᠥᠯᠢᠶᠡᠨ ᠠᠪᠴᠤ ᠰᠢᠢᠳᠪᠤᠷᠢᠯᠡᠵᠤ᠂ 7621 ᠬᠤᠪᠢ ᠠᠵᠢᠯ ᠢ ᠰᠢᠢᠳᠪᠤᠷᠢᠯᠡᠵᠤ ᠳᠠᠭᠤᠰᠬᠠᠪᠠ᠃    ᠭᠤᠷᠪᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠷᠭᠤ ᠬᠦᠯᠢᠶᠡᠬᠦ ᠠᠵᠢᠯ ᠢ ᠴᠢᠩᠭᠠᠳᠬᠠᠵᠤ᠂ 2024 ᠣᠨ ᠳᠤ 86 ᠬᠤᠪᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠭᠥᠯᠢᠶᠡᠨ ᠠᠪᠴᠤ ᠰᠢᠢᠳᠪᠤᠷᠢᠯᠡᠵᠤ᠂ 58 ᠬᠡᠷᠡᠭ ᠢ ᠰᠢᠭᠦᠨ ᠳᠠᠭᠤᠰᠬᠠᠪᠠ᠂ ᠡᠭᠦᠨ ᠳᠤ 7 ᠬᠡᠷᠡᠭ ᠢ ᠵᠠᠯᠠᠷᠠᠭᠤᠯᠵᠤ᠂ ᠵᠠᠯᠠᠷᠠᠭᠤᠯᠤᠭᠰᠠᠨ ᠨᠣᠷᠮ᠎ᠠ 12% ᠳᠤ ᠬᠦᠷᠴᠦ᠂ 25 ᠬᠡᠷᠡᠭ ᠢ ᠡᠶᠡᠳᠡᠭᠦᠯᠦᠨ ᠡᠪᠰᠡᠭᠦᠯᠵᠦ ᠪᠤᠴᠠᠭᠠᠨ ᠠᠪᠴᠤ᠂ ᠡᠶᠡᠳᠡᠭᠦᠯᠦᠭᠰᠡᠨ ᠨᠣᠷᠮ᠎ᠠ 43.10% ᠳᠤ ᠬᠥᠷᠪᠡ᠃ 2024 ᠣᠨ ᠳᠤ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠳᠠᠭᠤᠰᠬᠠᠭᠰᠠᠨ ᠨᠢ ᠨᠡᠶᠢᠲᠡ 36 ᠬᠤᠪᠢ ᠪᠠᠶᠢᠵᠤ᠂ ᠡᠭᠦᠨ ᠳᠤ 2 ᠬᠤᠪᠢ ᠵᠠᠷᠭᠤ ᠢᠯᠠᠭᠳᠠᠭᠰᠠᠨ ᠪᠠᠶᠢᠨ᠎ᠠ᠂ ᠵᠠᠷᠭᠤ ᠢᠯᠠᠭᠳᠠᠭᠰᠠᠨ ᠨᠣᠷᠮ᠎ᠠ ᠨᠢ 5.55% ᠪᠠᠶᠢᠵᠤ᠂ ᠪᠥᠬᠦ ᠬᠤᠲᠠ ᠶᠢᠨ 14.98% ᠶᠢᠨ ᠵᠠᠷᠭᠤ ᠢᠯᠠᠭᠳᠠᠭᠰᠠᠨ ᠨᠣᠷᠮ᠎ᠠ ᠠᠴᠠ ᠳᠣᠤᠷ᠎ᠠ ᠪᠠᠶᠢᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ ᠨᠢ 100% ᠳᠤ ᠬᠦᠷᠴᠡᠶ᠃    ᠲᠦᠷᠪᠡ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ 30 ᠵᠤᠷᠪᠤᠰ ᠤᠬᠠᠭᠤᠯᠭ᠎ᠠ ᠶᠢᠨ ᠤᠷᠢᠶ᠎ᠠ ᠯᠣᠽᠦ᠋ᠩ ᠢ ᠡᠯᠭᠦᠵᠦ᠂ 20 ᠬᠡᠰᠡᠭ ᠤᠬᠠᠭᠤᠯᠭ᠎ᠠ ᠶᠢᠨ ᠰᠠᠮᠪᠠᠷ᠎ᠠ ᠦᠢᠯᠡᠳᠴᠦ᠂ 20 ᠭᠠᠷᠤᠢ ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ 5000 ᠭᠠᠷᠤᠢ ᠬᠤᠪᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠬᠦᠯᠢᠶᠡᠨ ᠠᠪᠤᠭᠴᠢᠳ ᠤᠨ ᠲᠤᠭ᠎ᠠ 2 ᠲᠦᠮᠡ ᠭᠠᠷᠤᠢ ᠬᠥᠮᠦᠨ ᠠᠴᠠ ᠳᠠᠪᠠᠵᠤ᠂ ᠺᠠᠳ᠋ᠷ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠪᠡ᠃    ᠲᠠᠪᠤ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ︽ᠴᠢᠩᠭ᠎ᠠ ᠴᠣᠬᠢᠯᠲᠠ ᠥᠭᠴᠦ᠂ ᠴᠢᠩᠭ᠎ᠠ ᠵᠠᠰᠠᠬᠤ︾ ᠠᠵᠢᠯᠯᠠᠭ᠎ᠠ ᠥᠷᠨᠢᠭᠦᠯᠵᠦ᠂ ᠪᠥᠬᠦ ᠰᠢᠶᠠᠨ ᠢᠶᠠᠷ ᠢᠶᠠᠨ ᠴᠠᠬᠢᠯᠭᠠᠨ ᠲᠣᠤᠷ ᠤᠨ ᠮᠡᠬᠡᠯᠡᠯ ᠤᠨ ᠬᠡᠷᠡᠭ ᠢ 57 ᠭᠥᠯᠢᠶᠡᠨ ᠠᠪᠴᠤ ᠰᠢᠢᠳᠪᠤᠷᠢᠯᠡᠵᠤ᠂ ᠠᠳᠠᠯᠢ ᠬᠤᠭᠤᠴᠠᠭᠠᠨ ᠤ ᠬᠢ ᠠᠴᠠ 30% ᠪᠠᠷ ᠪᠠᠭᠤᠷᠠᠵᠤ᠂ ᠬᠡᠷᠡᠭ ᠤᠨ ᠬᠤᠬᠢᠷᠠᠯ ᠨᠡᠶᠢᠲᠡ 276 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 50% ᠪᠠᠷ ᠪᠠᠭᠤᠷᠠᠪᠠ᠃    ︵ᠳᠥᠷᠪᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠤᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢ ᠵᠢᠷᠤᠮᠵᠢᠭᠤᠯᠬᠤ ᠲᠠᠰ ᠳᠠᠷᠠᠭᠠᠵᠢᠭᠤᠯᠬᠤ ᠬᠠᠤᠯᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃    ᠨᠢᠭᠡ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠢᠷᠤᠮ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠭᠦᠶᠡᠩ ᠰᠢᠶᠠᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠭᠠᠷᠴᠠᠭ︾ ᠢ ᠰᠢᠶᠠᠨ ᠤ ᠵᠠᠰᠠᠭ ᠤᠨ ᠣᠷᠳᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠳᠡᠮᠵᠢᠨ 2 ᠵᠦᠢᠯ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠦᠢᠯᠡᠰ ᠢ ᠰᠤᠳᠤᠯᠤᠨ ᠲᠣᠭᠲᠠᠭᠠᠪᠠ᠃    ᠬᠤᠶᠠᠷ ᠲᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠬᠡᠷᠡᠭᠵᠢᠭᠦᠯᠬᠦ ᠶᠢ ᠳᠥᠯᠭᠢᠨ ᠠᠬᠢᠭᠤᠯᠵᠤ᠂ 2024 ᠣᠨ ᠳᠤ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠤᠨ ᠪᠢᠴᠢᠭ᠂ ᠬᠠᠤᠯᠢ ᠴᠠᠭᠠᠵᠠ ᠶᠢᠨ ᠰᠠᠨᠠᠯ ᠤᠨ ᠪᠢᠴᠢᠭ ᠢ ᠨᠡᠶᠢᠲᠡ 308 ᠬᠤᠪᠢ ᠭᠠᠷᠭᠠᠪᠠ᠃    ᠭᠤᠷᠪᠠ ᠳᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠰᠢᠶᠠᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠡᠶᠡᠴᠢ ᠴᠣᠭᠴᠠ ᠶᠢ ᠢᠯᠭᠠᠷᠠᠭᠤᠯᠬᠤ ᠶᠢᠨ ᠬᠠᠮᠲᠤ ︽ᠭᠦᠶᠡᠩ ᠰᠢᠶᠠᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠡᠶᠡᠴᠢ ᠴᠣᠭᠴᠠ ᠶᠢᠨ ᠲᠣᠳᠣᠷᠬᠠᠶ ᠬᠠᠭᠤᠳᠠᠰᠤ︾ ᠶᠢ ᠪᠣᠶ ᠪᠣᠯᠭᠠᠵᠤ᠂ ᠪᠥᠬᠦ ᠰᠢᠶᠠᠨ ᠳᠤ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠡᠶᠡᠴᠢ ᠴᠣᠭᠴᠠ 39 ᠪᠠᠶᠢᠨ᠎ᠠ᠃ ︽ᠬᠡᠨ ᠲᠣᠭᠲᠠᠭᠠᠪᠠᠯ ᠬᠡᠨ ᠢᠯᠭᠠᠷᠠᠭᠤᠯᠬᠤ︾ ᠵᠠᠷᠴᠢᠮ ᠶᠣᠰᠣᠭᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ ᠲᠤᠭ᠎ᠠ ᠪᠦᠷᠢᠳᠬᠡᠯ ᠤᠨ ᠠᠵᠢᠯ᠂ ᠠᠵᠤ ᠠᠬᠤᠶᠢᠯᠠᠯ ᠳᠤ ᠬᠤᠯᠪᠣᠭᠳᠠᠭᠰᠠᠨ ᠡᠷᠬᠡ ᠲᠡᠭᠰᠢ ᠪᠤᠰᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠨᠡᠭᠦᠷᠡᠰᠦᠨ ᠤ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠳᠤ ᠬᠤᠯᠪᠣᠭᠳᠠᠭᠰᠠᠨ ᠵᠡᠷᠭᠡ ᠠᠭᠤᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ ᠵᠦᠢᠯ ᠢᠶᠠᠷ ᠢᠯᠭᠠᠷᠠᠭᠤᠯᠵᠤ᠂ ᠣᠳᠣᠬᠠᠨ ᠳᠤ ᠦᠷᠭᠦᠯᠵᠢᠯᠡᠨ ᠬᠦᠴᠦᠨ ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 7 ᠬᠤᠪᠢ ᠪᠠᠶᠢᠵᠤ᠂ 2 ᠬᠤᠪᠢ ᠬᠦᠴᠦᠨ ᠥᠬᠡᠶ ᠪᠣᠯᠪᠠ᠃    ︵ᠲᠠᠪᠤ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠦᠬᠦ ᠠᠷᠠᠳ ᠤᠨ ᠬᠠᠤᠯᠢ ᠪᠠᠷ ᠵᠠᠰᠠᠬᠤ ᠬᠡᠪ ᠴᠢᠨᠠᠷ ᠤᠨ ᠳᠡᠭᠡᠭᠰᠢᠯᠡᠯᠲᠡ ᠶᠢ ᠬᠦᠴᠦᠯᠡᠨ ᠠᠬᠢᠭᠤᠯᠤᠨ᠎ᠠ᠃     ᠨᠢᠭᠡ ᠳᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠦᠷᠭᠦᠯᠵᠢᠯᠡᠨ ᠠᠬᠢᠭᠤᠯᠵᠤ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠪᠠ ᠦᠨᠳᠦᠰᠦᠨ ᠬᠠᠤᠯᠢ ᠶᠢ ᠤᠬᠠᠭᠤᠯᠬᠤ ᠶᠢ ︽ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾ ᠠᠵᠢᠯ ᠲᠠᠢ ᠤᠶᠠᠯᠳᠤᠭᠤᠯᠵᠤ᠂ 4 · 15 ᠶᠢᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠪᠠ ︽ᠰᠠᠶᠢᠨ ᠰᠠᠶᠢᠬᠠᠨ ᠠᠮᠢᠳᠤᠷᠠᠯ · ᠢᠷᠭᠡᠨ ᠤ ᠬᠠᠤᠯᠢ ᠶᠢᠨ ᠪᠢᠴᠢᠭ ᠢ ᠳᠠᠭᠠᠯᠳᠤᠭᠤᠯᠬᠤ︾ ᠵᠡᠷᠭᠡ ᠭᠤᠤᠯ ᠰᠡᠳᠦᠪᠲᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ 200 ᠭᠠᠷᠤᠶ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ︔ ᠲᠣᠰᠬᠤᠨ ︵ᠰᠠᠭᠤᠭᠠᠯᠢ︶ ᠤ ᠠᠷᠠᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠤᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ 3᠂ ᠬᠤᠳᠠ ᠶᠢᠨ ᠳᠡᠰ ᠤᠨ ᠪᠠᠷᠢᠮᠵᠢᠶ᠎ᠠ ᠳᠤ ᠬᠦᠷᠦᠭᠰᠡᠨ ᠲᠣᠰᠬᠤᠨ 26᠂ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾ 395 ᠬᠥᠮᠦᠨ ᠪᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠤᠯᠢᠵᠢᠯ ᠤᠨ ᠰᠠᠭᠤᠷᠢ ᠶᠢ ᠲᠠᠯᠪᠢᠵᠠᠢ︔ ᠬᠠᠤᠯᠢ ᠪᠠᠷ ᠵᠠᠰᠠᠬᠤ ᠰᠣᠶᠣᠯ ᠪᠠ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠬᠠᠤᠯᠢ ᠪᠠᠷ ᠵᠠᠰᠠᠬᠤ ᠠᠭᠤᠳᠠᠮ ᠲᠠᠯᠠᠪᠠᠢ ᠪᠠ ᠬᠠᠤᠯᠢ ᠪᠠᠷ ᠵᠠᠰᠠᠬᠤ ᠵᠡᠭᠡᠯᠢ ᠭᠤᠳᠤᠮᠵᠢ ᠶᠢᠨ ᠬᠤᠯᠪᠣᠭᠳᠠᠯ ᠪᠦᠬᠦᠢ ᠠᠭᠤᠯᠭ᠎ᠠ ᠶᠢ ᠰᠢᠨᠡᠳᠬᠡᠵᠦ᠂ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠭᠠᠷ ᠳᠡᠪᠲᠡᠷ ᠢ 15000 ᠬᠤᠪᠢ ᠳᠠᠷᠤᠮᠠᠯᠯᠠᠵᠤ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ᠂ ᠵᠠᠰᠠᠭ ᠵᠠᠬᠢᠷᠭᠠᠨ ᠤ ᠵᠠᠷᠭᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠷᠠᠳ ᠤᠨ ᠡᠶᠡᠳᠡᠭᠦᠯᠭᠡ ᠵᠡᠷᠭᠡ ᠬᠤᠯᠪᠣᠭᠳᠠᠯ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ 2 ᠲᠦᠮᠡ ᠭᠠᠷᠤᠶ ᠬᠤᠪᠢ ᠳᠠᠷᠤᠮᠠᠯᠯᠠᠪᠠ︔ ᠰᠢᠨ᠎ᠡ ᠵᠠᠭᠤᠴᠢᠯᠠᠭᠤᠷ ᠤᠨ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠳᠤᠮᠳᠠᠬᠢ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠭᠦᠶᠡᠩ ᠬᠠᠤᠯᠢ ᠪᠠᠷᠢᠬᠤ︾ ᠸᠢᠴᠠᠲ ᠤᠨ ᠲᠠᠪᠴᠠᠩ ᠢ ᠭᠤᠤᠯᠳᠠᠯᠭ᠎ᠠ ᠲᠠᠢ ᠪᠠᠶᠢᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ 35 ᠬᠤᠭᠤᠴᠠᠭᠠᠨ ᠤ ᠵᠢᠵᠢᠭ ᠸᠢᠳᠢᠣ᠋᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠭᠤᠳ ᠨᠡᠪᠲᠡᠷᠡᠭᠦᠯᠭᠡ ᠶᠢ 112 ᠲᠠᠯᠠᠪᠤᠷ ᠤᠳᠠᠭ᠎ᠠ ᠨᠡᠪᠲᠡᠷᠡᠭᠦᠯᠦᠨ᠎ᠡ᠃     ᠬᠤᠶᠠᠷ ᠲᠤ ᠤᠳᠤᠷᠢᠳᠬᠤ ᠺᠠᠳ᠋ᠷ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 19 ᠬᠥᠮᠦᠨ ᠢ 2 ᠪᠦᠯᠦᠭ ᠤᠳᠠᠭ᠎ᠠ ᠵᠣᠬᠢᠶᠠᠨ ᠪᠠᠶᠢᠭᠤᠯᠤᠨ ᠲᠤᠰᠢᠶᠠᠯ ᠳᠤ ᠲᠣᠮᠢᠯᠠᠬᠤ ᠠᠴᠠ ᠡᠮᠦᠨᠡᠬᠢ ᠰᠢᠯᠭᠠᠯᠲᠠ ᠶᠢ ᠥᠷᠨᠢᠭᠦᠯᠵᠦ᠂ ᠰᠢᠨ᠎ᠡ ᠪᠠᠷ ᠲᠣᠮᠢᠯᠠᠭᠳᠠᠭᠰᠠᠨ ᠤᠳᠤᠷᠢᠳᠬᠤ ᠺᠠᠳ᠋ᠷ ᠤᠨ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠶᠢ ᠨᠡᠶᠢᠳᠡᠮ ᠪᠦᠷᠬᠦᠭᠦᠯᠪᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠦᠵᠡᠯ ᠰᠠᠨᠠᠭ᠎ᠠ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠰᠢ ᠶᠢᠨ ᠫᠢᠩ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠣᠨ ᠤ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠵᠦ ᠬᠠᠤᠯᠢ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠵᠢᠭᠰᠠᠭᠠᠨ ᠣᠷᠣᠭᠤᠯᠤᠨ᠎ᠠ᠃    ᠭᠤᠷᠪᠠ ᠳᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠷᠭᠤᠭᠠᠨ ᠠᠬᠢᠭᠤᠯᠬᠤ ᠲᠦᠷᠢᠮ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾ ᠢ ᠰᠤᠷᠤᠯᠴᠠᠵᠤ ᠤᠬᠠᠭᠤᠯᠬᠤ ᠶᠢ ᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠲᠠᠩᠰᠠᠨ ᠳᠤ ᠣᠷᠣᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠶᠢᠨ ᠲᠥᠯᠥᠪᠯᠡᠭᠡ ᠶᠢ ᠲᠣᠭᠲᠠᠭᠠᠵᠤ᠂ ᠡᠭᠦᠷᠭᠡ ᠠᠷᠭ᠎ᠠ ᠬᠡᠮᠵᠢᠶ᠎ᠡ ᠢᠶᠠᠨ ᠲᠣᠭᠲᠠᠭᠠᠨ᠎ᠠ᠃    ᠬᠤᠶᠠᠷ᠂ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠰᠢᠯᠲᠠᠭᠠᠨ    ︵ᠨᠢᠭᠡ︶ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠴᠢᠩᠭ᠎ᠠ ᠪᠢᠰᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠵᠠᠰᠠᠭ ᠵᠠᠬᠢᠷᠭᠠᠨ ᠤ ᠵᠠᠷᠭᠤ ᠶᠢᠨ ᠵᠠᠷᠭᠤ ᠢᠯᠠᠭᠳᠠᠭᠰᠠᠨ ᠬᠡᠷᠡᠭ ᠪᠠ ᠵᠠᠰᠠᠭ ᠵᠠᠬᠢᠷᠭᠠᠨ ᠤ ᠳᠠᠬᠢᠨ ᠵᠥᠪᠯᠡᠵᠦ ᠪᠤᠷᠤᠭᠤ ᠶᠢ ᠵᠠᠯᠠᠷᠠᠭᠤᠯᠤᠭᠰᠠᠨ ᠬᠡᠷᠡᠭ ᠤᠨ ᠦᠷ᠎ᠡ ᠳ᠋ᠦᠩ ᠠᠴᠠ ᠦᠵᠡᠪᠡᠯ᠂ ᠦᠨᠳᠦᠰᠦᠨ ᠱᠠᠲᠤᠨ ᠤ ᠰᠢᠶᠠᠩ ᠪᠠᠯᠭᠠᠰᠤ ᠪᠠ ᠭᠤᠣᠯᠳᠠᠯᠭ᠎ᠠ ᠲᠠᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠢᠷᠤᠮ ᠨᠢ ᠵᠢᠷᠤᠮᠵᠢᠯ ᠦᠭᠡᠢ ᠪᠠᠶᠢᠬᠤ ᠪᠠᠶᠢᠳᠠᠯ ᠮᠥᠨ ᠯᠡ ᠭᠠᠷᠴᠤ ᠪᠠᠶᠢᠨ᠎ᠠ᠃    ︵ᠬᠤᠶᠠᠷ︶ ᠬᠠᠤᠯᠢ ᠴᠠᠭᠠᠵᠠ ᠶᠢᠨ ᠬᠡᠷᠡᠭ ᠢ ᠰᠢᠢᠳᠪᠤᠷᠢᠯᠡᠬᠦ ᠳᠤ ᠵᠣᠬᠢᠴᠠᠭᠤᠯᠤᠨ ᠬᠠᠮᠵᠢᠯᠴᠠᠭᠰᠠᠨ ᠢᠶᠠᠷ ᠬᠦᠷᠦᠯᠴᠡᠬᠦ ᠦᠭᠡᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠮᠥᠨ ᠯᠡ ᠴᠢᠩᠭᠠᠳᠬᠠᠬᠤ ᠴᠢᠬᠤᠯᠠᠲᠠᠶ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ ᠬᠤᠷᠢᠶ᠎ᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠤᠷᠢᠯᠡᠬᠦ ᠶᠠᠪᠤᠴᠠ ᠳᠠᠬᠢ ᠨᠡᠪᠲᠡᠷᠡᠯᠴᠡᠨ ᠵᠣᠯᠭᠠᠯᠳᠤᠭᠤᠯᠬᠤ ᠪᠠ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠬᠤ ᠴᠢᠬᠤᠯᠠᠲᠠᠶ ᠪᠠᠶᠢᠵᠤ᠂ ᠲᠤᠷᠰᠢᠨ ᠪᠠᠶᠢᠴᠠᠭᠠᠬᠤ᠂ ᠵᠠᠭᠠᠯᠳᠤᠬᠤ᠂ ᠰᠢᠭᠦᠬᠦ᠂ ᠭᠦᠢᠴᠡᠳᠬᠡᠬᠦ ᠡᠯ᠎ᠡ ᠱᠠᠲᠤᠨ ᠳᠤ ᠬᠡᠷᠡᠴᠢ ᠪᠠᠷᠢᠮᠲᠠ ᠶᠢᠨ ᠪᠠᠷᠢᠮᠵᠢᠶ᠎ᠠ᠂ ᠬᠠᠤᠯᠢ ᠴᠠᠭᠠᠵᠠ ᠶᠢ ᠬᠡᠷᠡᠭᠯᠡᠬᠦ᠂ ᠰᠢᠭᠦᠬᠦ ᠪᠠ ᠭᠦᠢᠴᠡᠳᠬᠡᠬᠦ ᠶᠢ ᠵᠣᠯᠭᠠᠯᠳᠤᠭᠤᠯᠤᠨ ᠬᠠᠮᠵᠢᠯᠴᠠᠬᠤ ᠵᠡᠷᠭᠡ ᠲᠠᠯ᠎ᠠ ᠪᠠᠷ ᠨᠢᠭᠡᠳᠦᠯ ᠦᠭᠡᠢ ᠨᠢᠭᠡᠳᠦᠯ ᠦᠭᠡᠢ ᠪᠠᠶᠢᠳᠠᠯ ᠣᠷᠣᠰᠢᠵᠤ᠂ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠶᠢᠨ ᠦᠢᠯᠡᠳᠦᠯ ᠢ ᠬᠦᠴᠦᠲᠡᠶ ᠪᠠᠳᠠᠷᠠᠭᠤᠯᠵᠤ ᠴᠢᠳᠠᠬᠤ ᠦᠭᠡᠢ ᠪᠠᠶᠢᠵᠤ᠂ ᠬᠡᠷᠡᠭ ᠢ ᠰᠢᠢᠳᠪᠤᠷᠢᠯᠡᠬᠦ ᠶᠠᠰᠤ ᠴᠢᠨᠠᠷ ᠦᠷ᠎ᠡ ᠪᠦᠲᠦᠮᠵᠢ ᠪᠠ ᠬᠠᠤᠯᠢ ᠪᠠᠷᠢᠬᠤ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠥᠯᠥᠭᠡᠯᠡᠵᠦ ᠪᠠᠶᠢᠨ᠎ᠠ᠃    ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯ ᠤᠨ ᠴᠢᠨᠠᠷ ᠢ ᠮᠥᠨ ᠯᠡ ᠴᠢᠩᠭᠠᠳᠬᠠᠬᠤ ᠴᠢᠬᠤᠯᠠᠲᠠᠶ ᠪᠠᠶᠢᠵᠤ᠂ ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠤᠨ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ ᠶᠢᠨ ᠦᠢᠯᠡᠳᠦᠯ ᠢ ᠢᠯᠡᠳᠲᠡ ᠪᠠᠳᠠᠷᠠᠭᠤᠯᠤᠭᠰᠠᠨ ᠦᠭᠡᠢ᠃ ᠣᠳᠣᠬᠠᠨ ᠳᠤ ᠪᠥᠬᠦ ᠰᠢᠶᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠳᠣᠲᠣᠷ᠎ᠠ ᠵᠥᠪᠬᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 8 ᠰᠠᠯᠠᠭ᠎ᠠ ᠮᠥᠴᠢᠷ ᠲᠤ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ ᠪᠠᠶᠢᠭᠤᠯᠤᠮᠵᠢ ᠶᠢ ᠲᠤᠰᠠᠭᠠᠷ ᠪᠠᠶᠢᠷᠢᠯᠠᠭᠤᠯᠵᠤ᠂ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠨ᠎ᠠ᠃    ᠭᠤᠷᠪᠠ᠂ 2024 ᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠭᠰᠠᠨ ᠬᠤᠯᠪᠣᠭᠳᠠᠯ ᠪᠦᠬᠦᠢ ᠪᠠᠶᠢᠳᠠᠯ    ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃    ᠨᠢᠭᠡ ᠳᠤ ᠰᠢ ᠶᠢᠨ ᠫᠢᠩ ᠤ ᠶᠡᠷᠦᠩᠬᠡᠶ ᠱᠦᠵᠢ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠠᠵᠢᠯ ᠢ ᠴᠢᠩᠭᠠᠳᠬᠠᠵᠤ᠂ ᠰᠢ ᠶᠢᠨ ᠫᠢᠩ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠢᠶᠠᠨ ᠤ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠬᠤ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠨᠠᠮ ᠤᠨ ᠰᠤᠷᠭᠠᠭᠤᠯᠢ ᠶᠢᠨ ᠭᠤᠣᠯ ᠴᠣᠭᠴᠠ ᠶᠢᠨ ᠠᠩᠬᠢ ᠶᠢᠨ ᠬᠥᠮᠦᠵᠢᠯ ᠪᠣᠯᠪᠠᠰᠤᠷᠠᠯ ᠤᠨ ᠴᠢᠬᠤᠯᠠ ᠠᠭᠤᠯᠭ᠎ᠠ ᠳᠤ ᠣᠷᠣᠭᠤᠯᠪᠠ᠃    ᠬᠤᠶᠠᠷ ᠲᠤ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠭᠦᠨᠵᠡᠭᠡᠶ ᠲᠤᠤᠱᠯᠠᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠶᠢ ᠨᠠᠮ ᠵᠠᠰᠠᠭ ᠤᠨ ᠤᠳᠤᠷᠢᠳᠬᠤ ᠪᠠᠭ ᠪᠣᠯᠤᠨ ᠭᠤᠣᠯ ᠤᠳᠤᠷᠢᠳᠤᠯᠭ᠎ᠠ ᠶᠢᠨ ᠵᠢᠯ ᠤᠨ ᠡᠴᠦᠰ ᠤᠨ ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠰᠢᠶᠠᠨ ᠢ ᠵᠠᠰᠠᠬᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠠᠴᠠ ᠰᠢᠶᠠᠨ ᠤ ᠵᠠᠬ᠎ᠠ ᠳᠡᠯᠭᠡᠭᠦᠷ ᠤᠨ ᠲᠣᠪᠴᠢᠶ᠎ᠠ ᠪᠠ ᠬᠦᠦᠠᠢ ᠱᠦᠤᠤ ᠪᠠᠯᠭᠠᠰᠤᠨ ᠤ ᠭᠤᠤᠯ ᠤᠳᠤᠷᠢᠳᠤᠯᠭ᠎ᠠ ᠶᠢ ᠵᠣᠬᠢᠶᠠᠨ ᠪᠠᠶᠢᠭᠤᠯᠵᠤ ᠲᠤᠬᠠᠶ ᠶᠢᠨ ᠲᠠᠯᠠᠪᠤᠷ ᠲᠤ ᠬᠠᠤᠯᠢ ᠶᠢᠨ ᠲᠣᠭᠠᠴᠢᠯᠲᠠ ᠬᠢᠯᠭᠡᠵᠦ᠂ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠪᠠ᠃    ᠭᠤᠷᠪᠠ ᠳᠤ ᠦᠨᠳᠦᠰᠦᠨ ᠱᠠᠲᠤᠨ ᠤ ᠨᠠᠮ ᠵᠠᠰᠠᠭ ᠤᠨ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠵᠢᠯ ᠢ ᠥᠷᠨᠢᠭᠦᠯᠵᠦ᠂ ︽ᠤᠳᠤᠷᠢᠳᠬᠤ ᠺᠠᠳ᠋ᠷᠴᠤᠳ ᠤᠨ ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠵᠢᠯᠤᠭᠤᠳᠤᠯᠭ᠎ᠠ ᠶᠢᠨ ᠲᠣᠳᠣᠷᠬᠠᠶ ᠬᠠᠭᠤᠳᠠᠰᠤ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 167 ᠵᠤᠷᠪᠤᠰ ᠰᠤᠷᠤᠯᠴᠠᠬᠤ ᠲᠣᠳᠣᠷᠬᠠᠶ ᠬᠠᠭᠤᠳᠠᠰᠤ ᠶᠢ ᠲᠣᠭᠲᠠᠭᠠᠪᠠ︔ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠢᠨ ᠪᠦᠬᠦ ᠰᠢᠶᠠᠨ ᠤ ᠱᠠᠲᠤᠨ ᠤ ᠺᠠᠳ᠋ᠷ ᠪᠣᠯᠤᠨ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠰᠢ ᠶᠢᠨ ᠫᠢᠩ ᠬᠠᠤᠯᠢᠵᠢᠯ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ︔ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ 2024 ᠣᠨ ᠤ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠳᠤ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠺᠠᠳ᠋ᠷᠴᠤᠳ ᠢ ᠵᠣᠬᠢᠶᠠᠨ ᠪᠠᠶᠢᠭᠤᠯᠤᠨ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭᠠᠨ ᠤ ᠰᠤᠷᠤᠯᠴᠠᠯᠭ᠎ᠠ ᠶᠢ ᠥᠷᠨᠢᠭᠦᠯᠪᠡ᠃    ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠲᠦᠯᠬᠢᠨ ᠠᠬᠢᠭᠤᠯᠤᠨ᠎ᠠ᠃    ᠨᠢᠭᠡ ᠳᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠴᠢᠬᠤᠯᠠ ᠵᠣᠬᠢᠶᠠᠨ ᠪᠠᠶᠢᠭᠤᠯᠤᠭᠴᠢ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠬᠠᠮᠢᠶᠠᠷᠴᠤ᠂ ᠭᠤᠣᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠰᠢᠪᠠᠳᠠᠨ ᠭᠦᠢᠴᠡᠳᠬᠡᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠶᠡᠭᠡ ᠠᠰᠠᠭᠤᠳᠠᠯ ᠢ ᠰᠤᠳᠤᠯᠤᠨ‌‍ᠰᠢᠢᠳᠪᠦᠷᠢᠯᠡᠨ᠎ᠡ     ᠬᠤᠶᠠᠷ ᠲᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠨᠢᠭᠡ ᠲᠥᠯᠥᠪᠵᠢᠭᠦᠯᠭᠡ᠂ ᠬᠤᠶᠠᠷ ᠬᠥᠲᠥᠯᠪᠦᠷᠢ︾ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠭᠦᠶᠡᠩ ᠰᠢᠶᠠᠨ ᠤ ᠲᠥᠰᠦᠯ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠭᠦᠨᠵᠡᠭᠡᠶ ᠳᠥᠯᠭᠢᠨ ᠠᠬᠢᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠨᠢ ᠵᠢᠯ ᠪᠦᠷᠢ ᠳᠡᠭᠡᠷ᠎ᠡ ᠨᠢᠭᠡ ᠵᠢᠯ ᠤᠨ ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠠᠵᠢᠯ ᠤᠨ ᠭᠤᠣᠯᠳᠠᠯᠭ᠎ᠠ ᠪᠠ ᠲᠥᠯᠥᠪᠯᠡᠭᠡ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠠᠤᠯᠢ ᠪᠠᠷ ᠵᠠᠰᠠᠬᠤ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠤᠨ ᠬᠠᠤᠯᠢ ᠪᠠᠷ ᠵᠠᠰᠠᠬᠤ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠪᠠ᠃    ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠤᠯᠢ ᠪᠠᠷᠢᠬᠤ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠠᠤᠯᠢ ᠬᠡᠷᠡᠭᠵᠢᠭᠦᠯᠬᠦ ᠶᠢ ᠪᠠᠲᠤᠯᠠᠬᠤ᠂ ᠬᠠᠤᠯᠢ ᠪᠠᠷᠢᠬᠤ ᠶᠢ ᠳᠡᠮᠵᠢᠬᠦ᠂ ᠲᠦᠷᠦᠭᠦᠯᠡᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠠᠯ᠎ᠠ ᠪᠠᠷ ᠦᠨᠡᠨ ᠬᠦ ᠲᠤᠤᠱᠯᠠᠭᠳᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠺᠣᠮᠢᠰ ᠤᠨ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠬᠠᠤᠯᠢ ᠶᠣᠰᠣᠭᠠᠷ ᠲᠦᠷᠢᠮ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠳᠡᠮᠵᠢᠪᠡ᠃ ᠬᠠᠤᠯᠢ ᠪᠠᠷᠢᠬᠤ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠲᠥᠪ ᠭᠤᠣᠯᠴᠢ ᠪᠠᠷ ᠬᠡᠷᠡᠭᠵᠢᠭᠦᠯᠬᠦ ᠶᠢ ᠪᠠᠲᠤᠯᠠᠵᠤ᠂ ᠤᠳᠤᠷᠢᠳᠬᠤ ᠺᠠᠳ᠋ᠷᠴᠤᠳ ᠤᠨ ᠬᠠᠤᠯᠢ ᠪᠠᠷᠢᠬᠤ ᠠᠵᠢᠯᠯᠠᠭ᠎ᠠ ᠶᠢ ᠨᠥᠯᠥᠭᠡᠯᠡᠭᠰᠡᠨ᠂ ᠪᠣᠳᠠᠲᠠᠶ ᠬᠡᠷᠡᠭ ᠢ ᠰᠢᠢᠳᠪᠤᠷᠢᠯᠡᠬᠦ ᠳᠤ ᠭᠠᠷ ᠳᠦᠷᠦᠭᠰᠡᠨ ᠢ ᠲᠡᠮᠳᠡᠭᠯᠡᠬᠦ᠂ ᠵᠠᠷᠯᠠᠨ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ᠢ ᠲᠦᠷᠦᠭᠦᠯᠡᠨ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠦᠷᠢᠯᠳᠦᠬᠦᠨ ᠪᠠ ᠲᠤᠤᠷᠠᠳᠤ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠶᠣᠰᠣᠭᠠᠷ ᠠᠵᠢᠯᠯᠠᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢ ᠵᠢᠷᠤᠮᠯᠠᠬᠤ ᠶᠢ ᠪᠠᠶᠢᠩᠭᠤ ᠶᠢᠨ ᠴᠢᠨᠠᠷᠲᠠᠶ ᠪᠠᠷ ᠰᠠᠨᠠᠭᠤᠯᠤᠨ ᠰᠢᠪᠠᠳᠠᠨ᠎ᠠ᠃    ᠲᠦᠷᠪᠡ᠂ 2025 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠭᠤᠣᠯ ᠲᠤᠬᠢᠷᠠᠭᠤᠯᠤᠯᠳᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠨᠠᠮ ᠤᠨ ᠤᠳᠤᠷᠢᠳᠤᠯᠭ᠎ᠠ ᠶᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠬᠦ ᠪᠠ ᠲᠦᠯᠬᠢᠨ ᠠᠬᠢᠭᠤᠯᠬᠤ ᠤᠬᠠᠮᠰᠠᠷ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠪᠠᠳᠠᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ ᠂ ᠰᠢᠪᠠᠳᠠᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠨ᠎ᠠ᠃ ᠪᠦᠬᠦ ᠰᠢᠶᠠᠨ ᠤ ᠡᠯ᠎ᠡ ᠨᠢᠭᠡᠴᠡ ᠂ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠲᠦᠷᠦᠭᠦᠯᠡᠨ ᠵᠢᠯ ᠤᠨ ᠡᠴᠦᠰ ᠲᠤ ᠬᠠᠤᠯᠢ ᠶᠢ ᠲᠣᠭᠠᠴᠢᠬᠤ ᠶᠢ ᠠᠬᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠤᠳᠤᠷᠢᠳᠬᠤ ᠺᠠᠳ᠋ᠷ ᠤᠨ ᠬᠠᠤᠯᠢᠵᠢᠯ ᠤᠨ ᠰᠡᠳᠬᠢᠬᠦᠢ ᠶᠢ ᠪᠤᠢ ᠪᠣᠯᠭᠠᠬᠤ ᠬᠡᠷᠡᠭᠲᠡᠢ᠃    ︵ᠬᠤᠶᠠᠷ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠶᠢᠨ ᠬᠡᠷᠡᠭ ᠢ ᠰᠢᠢᠳᠪᠤᠷᠢᠯᠡᠬᠦ ᠳᠤ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠎ᠠ᠃ ᠬᠡᠷᠡᠭ ᠢ ᠨᠡᠪᠲᠡᠷᠡᠯᠴᠡᠨ ᠵᠣᠬᠢᠴᠠᠭᠤᠯᠵᠤ ᠬᠠᠮᠵᠢᠯᠴᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷᠡᠭ ᠰᠢᠢᠳᠪᠤᠷᠢᠯᠡᠬᠦ ᠠᠵᠢᠯ ᠤᠨ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠬᠠᠤᠯᠢ ᠪᠠᠷᠢᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠪᠠᠷᠢᠬᠤ ᠠᠵᠢᠯ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠬᠤ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃    ︵ᠭᠤᠷᠪᠠ︶ ᠠᠷᠠᠳ ᠤᠨ ᠠᠮᠢᠳᠤᠷᠠᠯ ᠳᠤ ᠦᠢᠯᠡᠴᠢᠯᠡᠬᠦ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠲᠠᠬᠢᠨ ᠲᠡᠭᠦᠯᠳᠡᠷᠵᠢᠬᠦ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠬᠤᠳᠠ ᠬᠥᠳᠡᠭᠡ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠠᠳᠠᠯᠢ ᠲᠡᠭᠰᠢ ᠨᠡᠶᠢᠳᠡᠮ ᠠᠰᠢᠭ ᠬᠦᠷᠲᠡᠭᠡᠬᠦ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠤᠢ ᠪᠣᠯᠭᠠᠨ᠎ᠠ︔ ᠠᠯᠠᠭᠠᠨ ᠳᠡᠭᠡᠷᠡᠬᠢ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠯᠲᠠ ᠶᠢᠨ ᠲᠠᠪᠴᠠᠩ ᠢ ᠳᠡᠯᠭᠡᠷᠡᠭᠦᠯᠵᠦ᠂ ᠲᠤᠮᠤ ᠳ᠋ᠠᠶᠢᠲ᠋ᠠ ᠪᠣᠯᠤᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠵᠤ᠂ ᠠᠷᠠᠳ ᠤᠯᠠᠨ ᠳᠤ ᠨᠡᠩ ᠥᠨᠳᠥᠷ ᠪᠦᠲᠦᠮᠵᠢᠲᠡᠢ ᠳᠥᠭᠦᠮ ᠳᠥᠲᠡ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠵᠢᠯᠣᠭᠤᠳᠣᠯᠭ᠎ᠠ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠶ ᠭᠦᠢᠴᠡᠳ ᠭᠦᠢᠴᠡᠳᠭᠡᠬᠦ ᠶᠢ ᠪᠠᠲᠤᠯᠠᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠵᠢᠴᠢ ᠵᠠᠰᠠᠭ ᠤᠨ ᠣᠷᠳᠣᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠳᠤᠮᠳᠠᠬᠢ ᠴᠢᠬᠤᠯᠠ ᠦᠢᠯᠡᠳᠦᠯ ᠢᠶᠠᠨ ᠪᠠᠳᠠᠷᠠᠭᠤᠯᠤᠨ᠎ᠠ᠃    ︵ᠳᠥᠷᠪᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ︽ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠵᠤ ᠭᠤᠤᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠲᠦᠷᠢᠮ︾ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠵᠢᠯ ᠤᠨ ᠡᠬᠢᠨ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠲᠦᠷᠢᠮ ᠤᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠦᠢᠯᠡᠰ ᠨᠢ ᠡᠷᠬᠡᠪᠰᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠭᠦᠢᠴᠡᠳᠭᠡᠬᠦ ᠬᠡᠷᠡᠭᠲᠡᠶ᠃    ︵ᠲᠠᠪᠤ︶ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾ ᠶᠢ ᠦᠷᠭᠦᠯᠵᠢᠯᠡᠨ ᠰᠢᠨ᠎ᠡ ᠪᠠᠷ ᠡᠭᠦᠳᠦᠨ ᠬᠥᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠤᠯ ᠠᠷᠭ᠎ᠠ ᠵᠠᠮ ᠤᠨ ᠦᠢᠯᠡᠳᠦᠯ  ᠢ ᠭᠦᠢᠴᠡᠳ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠪᠠᠷ ᠵᠣᠯᠭᠠᠭᠤᠯᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠤᠷᠢᠯᠡᠬᠦ᠂ ᠨᠡᠶᠢᠭᠡᠮ ᠤᠨ ᠵᠥᠷᠢᠴᠡᠯ ᠢ ᠠᠷᠢᠯᠭᠠᠬᠤ ᠳᠤᠮᠳᠠᠬᠢ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠭᠤᠤᠯ ᠠᠷᠭ᠎ᠠ ᠵᠠᠮ ᠤᠨ ᠦᠢᠯᠡᠳᠦᠯ  ᠢ ᠭᠦᠢᠴᠡᠳ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠦᠷᠢᠮ ᠢ ᠨᠠᠶᠢᠳᠠᠪᠤᠷᠢᠵᠢᠭᠤᠯᠵᠤ᠂ ᠵᠠᠷᠭᠤ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠮᠠᠷᠭᠤᠯᠳᠤᠭᠠᠨ ᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠪᠦᠬᠦ ᠰᠢᠶᠠᠨ ᠤ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠶᠢ 100% ᠳᠤ ᠬᠦᠷᠭᠡᠬᠦ ᠶᠢ ᠦᠨᠡᠨ ᠬᠦ ᠪᠠᠲᠤᠯᠠᠵᠤ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠵᠠᠷᠭᠤ ᠢᠯᠠᠭᠳᠠᠭᠰᠠᠨ ᠨᠤᠷᠮ᠎ᠠ ᠶᠢ ᠪᠦᠬᠦ ᠬᠤᠳᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠬᠤ ᠪᠠᠷ ᠴᠢᠷᠮᠠᠶᠢᠨ᠎ᠠ᠃
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号