ᠠᠷᠠᠳ ᠲᠦᠮᠡᠨ ᠤ ᠲᠥᠯᠥᠭᠡ ᠭᠡᠬᠦ ᠲᠤᠯᠭᠤᠷ ᠵᠣᠷᠢᠯᠲᠠ ᠶᠢ ᠪᠠᠷᠢᠮᠲᠠᠯᠠᠵᠤ᠂ ᠵᠣᠯ ᠵᠢᠷᠭᠠᠯ ᠤᠨ ᠲᠥᠰᠦᠪ ᠢ ᠬᠠᠮᠲᠤ ᠪᠠᠷ ᠵᠢᠷᠤᠭᠯᠠᠨ᠎ᠠ
ᠨᠡᠶᠢᠲᠡᠯᠡᠭᠰᠡᠨ ᠴᠠᠭ᠄
2024/12/17
    ᠣᠯᠠᠨ ᠲᠦᠮᠡᠨ ᠳᠤ ᠦᠢᠯᠡᠴᠢᠯᠡᠬᠦ᠄ ᠠᠮᠠᠯᠠᠯᠲᠠ ᠪᠠᠨ ᠪᠡᠶᠡᠯᠡᠭᠦᠯᠬᠦ ᠶᠢ ᠪᠠᠷᠢᠮᠲᠠᠯᠠᠨ᠎ᠠ    ᠣᠶᠢᠷ᠎ᠠ ᠶᠢᠨ ᠵᠢᠯ ᠠᠴᠠ᠂ ᠶᠢᠨ ᠬᠤᠤ ᠪᠠᠯᠭᠠᠰᠤᠨ ᠤ ᠱᠦᠢ ᠴᠢᠦᠸᠡᠨ ᠲᠣᠰᠬᠤᠨ ᠤ ᠨᠠᠮ ᠤᠨ ᠡᠭᠦᠷ ᠠᠷᠠᠳ ᠤᠨ ᠲᠥᠯᠥᠭᠡ ᠭᠡᠬᠦ ᠤᠭ ᠰᠠᠨᠠᠭ᠎ᠠ ᠶᠢ ᠪᠠᠷᠢᠮᠲᠠᠯᠠᠵᠤ᠂ ᠬᠥᠮᠦᠰ ᠤᠨ ᠰᠡᠳᠬᠢᠯ ᠢ ᠬᠥᠭᠵᠢᠭᠡᠭᠰᠡᠨ ᠲᠡᠮᠡᠴᠡᠯ ᠤᠨ ᠬᠠᠭᠤᠳᠠᠰᠤ ᠶᠢ ᠪᠢᠴᠢᠭᠯᠡᠪᠡ᠃ 2022 ᠣᠨ ᠳᠤ᠂ ᠴᠡᠷᠢᠭ ᠠᠴᠠ ᠬᠠᠯᠠᠭᠳᠠᠭᠰᠠᠳ ᠯᠢ ᠰᠢᠶᠦ᠋ᠩ ᠡᠪᠡᠳᠴᠢᠨ ᠠᠴᠠ ᠪᠣᠯᠵᠤ ᠬᠦᠴᠢᠷᠳᠡᠯ ᠳᠤ ᠤᠴᠠᠷᠠᠵᠤ᠂ ᠱᠦᠢ ᠴᠢᠦᠸᠡᠨ ᠲᠣᠰᠬᠤᠨ ᠤ ᠨᠠᠮ ᠤᠨ ᠡᠭᠦᠷ ᠲᠡᠭᠦᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ ᠶᠢ ᠭᠦᠢᠴᠡᠳᠬᠡᠭᠰᠡᠨ ᠤ ᠳᠠᠷᠠᠭ᠎ᠠ᠂ ᠮᠥᠨ ᠯᠡ ᠠᠮᠢᠳᠤᠷᠠᠯ ᠢᠶᠠᠨ ᠠᠷᠭᠠᠴᠠᠬᠤ ᠳᠤ ᠬᠦᠴᠢᠷ ᠲᠠᠢ ᠪᠠᠶᠢᠭᠰᠠᠭᠠᠷ᠂ ᠳᠠᠷᠠᠭ᠎ᠠ ᠨᠢ ᠲᠣᠰᠬᠤᠨ ᠤ ᠨᠠᠮ ᠤᠨ ᠡᠭᠦᠷ ᠤᠨ ᠱᠦᠵᠢ ᠰᠣ᠋ ᠵᠢᠶᠠᠨ ᠵᠢᠶᠦ᠋ᠨ ᠬᠠᠶᠢᠷ᠎ᠠ ᠬᠠᠯᠠᠮᠵᠢ ᠶᠢᠨ ᠨᠡᠶᠢᠭᠡᠮᠯᠢᠭ ᠲᠠᠢ ᠢᠳᠡᠪᠬᠢᠲᠡᠢ ᠬᠠᠷᠢᠯᠴᠠᠵᠤ᠂ ᠦᠷ᠎ᠡ ᠬᠡᠦᠬᠡᠳ ᠲᠤᠨᠢ ᠰᠠᠷ᠎ᠠ ᠪᠦᠷᠢ 500 ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠵᠤ᠂ ᠡᠨᠡ ᠬᠦ ᠭᠡᠷ ᠪᠦᠯᠢ ᠶᠢ ᠬᠠᠪᠰᠤᠷᠤᠨ ᠠᠮᠢᠳᠤᠷᠠᠯ ᠤᠨ ᠬᠦᠰᠡᠯ ᠡᠷᠡᠮᠡᠯᠵᠡᠯ ᠢ ᠨᠢ ᠰᠡᠷᠭᠦᠭᠡᠪᠡ᠃ ᠡᠨᠡ ᠬᠦ ᠳᠠᠭᠤᠨ ᠦᠭᠡᠢ ᠠᠮᠠᠯᠠᠯᠲᠠ ᠨᠢ ᠶᠠᠭ ᠨᠠᠮ ᠤᠨ ᠡᠭᠦᠷ ᠤᠨ ᠣᠯᠠᠨ ᠲᠦᠮᠡᠨ ᠳᠤ ᠦᠢᠯᠡᠴᠢᠯᠡᠬᠦ ᠦᠨᠡᠨ ᠪᠣᠳᠠᠲᠠᠢ ᠵᠢᠷᠤᠭᠯᠠᠯ ᠪᠣᠯᠤᠨ᠎ᠠ᠃    ᠪᠦᠲᠦᠭᠡᠨ ᠪᠠᠶᠢᠭᠤᠯᠤᠯᠲᠠ ᠶᠢ ᠠᠬᠢᠭᠤᠯᠬᠤ᠄ ᠣᠯᠠᠨ ᠲᠦᠮᠡᠨ ᠤ ᠬᠦᠴᠦᠨ ᠢ ᠬᠥᠭᠵᠢᠭᠡᠨ᠎ᠡ    ᠨᠠᠮ ᠤᠨ ᠡᠭᠦᠷ ᠤᠨ ᠳᠠᠭᠠᠭᠤᠯᠭ᠎ᠠ ᠳᠣᠣᠷ᠎ᠠ᠂ ᠱᠦᠢ ᠴᠢᠦᠸᠡᠨ ᠲᠣᠰᠬᠤᠨ ︽ᠳᠥᠷᠪᠡᠨ ᠨᠢᠭᠡ︾ ᠶᠢᠨ ᠠᠮᠠᠯᠠᠯᠲᠠ ᠶᠢᠨ ᠠᠵᠢᠯ ᠤᠨ ᠳᠦᠷᠢᠮ ᠢ ᠬᠡᠷᠡᠭᠵᠢᠭᠦᠯᠵᠦ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ 2024 ᠣᠨ ᠳᠤ᠂ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠪᠠᠢ ᠢᠦᠢ ᠠᠮᠠᠯᠳᠠᠭᠰᠠᠨ ᠵᠠᠮ ᠢ ᠭᠡᠷᠡᠯᠲᠦᠭᠦᠯᠬᠦ ᠢᠨᠵᠧᠨᠧᠷᠢᠩ ᠢ ᠨᠢᠭᠡᠨᠲᠡ ᠬᠡᠷᠡᠭᠵᠢᠭᠦᠯᠵᠦ ᠳᠠᠭᠤᠰᠴᠤ᠂ ᠨᠠᠮ ᠤᠨ ᠡᠭᠦᠷ ᠤᠨ ᠭᠡᠰᠢᠭᠦᠨ ᠮᠠ ᠭᠦᠸᠧ ᠯᠢᠩ ᠲᠣᠰᠬᠤᠨ ᠤ ᠤᠯᠠᠷᠢᠯ ᠤᠨ ᠴᠢᠨᠠᠷᠲᠠᠢ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠨᠠᠮ ᠤᠨ ᠭᠡᠰᠢᠭᠦᠨ ᠪᠣᠯᠤᠨ ᠲᠣᠰᠬᠤᠨ ᠤ ᠴᠢᠳᠠᠪᠤᠷᠢᠲᠠᠨ ᠤ ᠰᠠᠨᠠᠭᠠᠴᠢᠯᠠᠭ᠎ᠠ ᠠᠴᠠ ᠪᠠᠨ ᠲᠣᠰᠬᠤᠨ ᠤ ᠠᠷᠠᠳ ᠲᠤ ᠬᠢᠵᠦ ᠥᠭᠭᠦᠭᠰᠡᠨ ᠪᠣᠳᠠᠲᠤ ᠶᠠᠪᠤᠳᠠᠯ ᠰᠠᠶᠢᠨ ᠶᠠᠪᠤᠳᠠᠯ ᠢ 50 ᠭᠠᠷᠤᠢ ᠬᠤᠪᠢ ᠰᠢᠢᠳᠪᠦᠷᠢᠯᠡᠵᠦ᠂ ᠨᠠᠮ ᠤᠨ ᠡᠭᠦᠷ ᠪᠠᠰᠠ ᠣᠯᠠᠨ ᠲᠦᠮᠡᠨ ᠢ ᠢᠳᠡᠪᠬᠢᠲᠡᠢ ᠳᠠᠶᠢᠴᠢᠯᠠᠵᠤ᠂ ᠲᠣᠰᠬᠤᠨ ᠤ ᠠᠷᠠᠳ ᠢ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠬᠠᠮᠲᠤ ᠶᠢᠨ ᠦᠢᠯᠡᠰ ᠲᠤ ᠬᠦᠴᠦᠨ ᠴᠢᠳᠠᠯ ᠢᠶᠠᠨ ᠡᠷᠭᠦᠪᠡ᠃    ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ᠄ ᠣᠨᠴᠠᠯᠢᠭᠲᠤ ᠠᠵᠤ ᠦᠢᠯᠡᠰ ᠢ ᠴᠣᠭᠴᠠᠯᠠᠨ᠎ᠠ    ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠬᠡᠪ ᠤᠨ ᠵᠤᠷᠰᠢᠯ ᠢ ᠡᠪᠳᠡᠵᠦ᠂ ᠠᠵᠤ ᠦᠢᠯᠡᠰ ᠤᠨ ᠰᠢᠨ᠎ᠡ ᠵᠠᠭᠪᠤᠷ ᠢ ᠡᠷᠢᠯᠬᠢᠯᠡᠬᠦ ᠶᠢᠨ ᠲᠥᠯᠥᠭᠡ᠂ ᠨᠠᠮ ᠤᠨ ᠡᠭᠦᠷ ᠠᠴᠠ ᠲᠣᠰᠬᠤᠨ ᠤ ᠠᠷᠠᠳ ᠢ ᠳᠠᠭᠠᠭᠤᠯᠤᠨ ᠢᠳᠡᠰᠢᠨ ᠮᠥᠭᠦ ᠲᠠᠷᠢᠬᠤ ᠠᠵᠤ ᠦᠢᠯᠡᠰ ᠢ ᠡᠬᠢ ᠡᠭᠦᠰᠦᠯ ᠠᠴᠠ ᠨᠢ ᠬᠥᠭᠵᠢᠭᠦᠯᠵᠦ᠂ ᠳᠥᠷᠪᠡᠨ ᠵᠢᠯ ᠤᠨ ᠬᠠᠶᠢᠨ ᠰᠥᠪᠡᠭᠴᠢᠯᠡᠯᠲᠡ ᠪᠠᠷ ᠳᠠᠮᠵᠢᠨ᠂ ᠡᠨᠡ ᠵᠢᠯ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠥᠷᠭᠡᠳᠬᠡᠬᠦ ᠠᠴᠠ ᠭᠠᠳᠠᠨ᠎ᠠ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ︽ᠪᠤᠯᠠᠭ ᠤᠨ ᠬᠠᠶᠢᠷᠴᠠᠭ︾ ᠢ ᠰᠢᠨ᠎ᠡ ᠪᠠᠷ ᠡᠭᠦᠳᠦᠨ ᠭᠠᠷᠭᠠᠵᠤ᠂ ᠠᠵᠤ ᠦᠢᠯᠡᠰ ᠢ ᠰᠣᠶᠣᠯ᠂ ᠰᠤᠷᠭᠠᠨ ᠬᠥᠮᠦᠵᠢᠯ ᠲᠠᠢ ᠭᠦᠨᠵᠡᠭᠡᠢ ᠠᠭᠤᠰᠤᠯᠴᠠᠭᠤᠯᠵᠤ᠂ ᠳᠡᠭᠡᠷ᠎ᠡ ᠵᠢᠯ ᠤᠨ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠶᠢ ᠬᠤᠶᠠᠷ ᠳᠠᠬᠢᠨ ᠨᠡᠮᠡᠭᠳᠡᠭᠦᠯᠵᠦ᠂ 63 ᠲᠦᠮᠡᠨ ᠲᠥᠭᠦᠷᠢᠭ ᠲᠤ ᠬᠦᠷᠭᠡᠪᠡ᠃ ᠪᠠᠯᠭᠠᠰᠤᠨ ᠤ ᠨᠠᠮ ᠤᠨ ᠬᠤᠷᠢ᠊ ᠡᠶ᠎ᠡ ᠤᠰᠤᠨ ᠤ ᠪᠤᠯᠠᠭ ᠤᠨ ᠲᠤᠷᠰᠢᠯᠭ᠎ᠠ ᠪᠠᠨ ᠪᠦᠬᠦ ᠪᠠᠯᠭᠠᠰᠤᠨ ᠤ ᠡᠯ᠎ᠡ ᠲᠣᠰᠬᠤᠨ ᠳᠤ ᠳᠡᠯᠭᠡᠷᠡᠭᠦᠯᠵᠦ᠂ ᠣᠯᠠᠨ ᠲᠣᠰᠬᠤᠨ ᠤ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠵᠠᠭᠪᠤᠷ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃    ᠪᠦᠯᠬᠦᠮᠳᠡᠯ ᠡᠶ᠎ᠡ ᠵᠣᠬᠢᠴᠠᠯ᠄ ᠵᠣᠯ ᠵᠢᠷᠭᠠᠯ ᠤᠨ ᠬᠦᠴᠦᠨ ᠴᠢᠳᠠᠯ ᠢ ᠨᠢᠭᠲᠠᠷᠠᠭᠤᠯᠤᠨ᠎ᠠ    ᠴᠠᠭᠠᠨ ᠰᠠᠷ᠎ᠠ ᠶᠢᠨ ᠬᠤᠭᠤᠴᠠᠭᠠᠨ ᠳᠤ᠂ ᠨᠠᠮ ᠤᠨ ᠡᠭᠦᠷ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠳᠣᠲᠣᠨᠣ ᠪᠠᠶᠠᠷ ᠤᠨ ᠡᠳᠦᠷ ᠢ ᠪᠠᠶᠠᠷᠯᠠᠨ ᠤᠭᠲᠤᠵᠤ ᠰᠢᠨ᠎ᠡ ᠵᠢᠯ ᠤᠨ ᠪᠠᠶᠠᠷ ᠢ ᠪᠡᠯᠭᠡᠯᠡᠶ᠎ᠡ︾ ᠭᠡᠬᠦ ᠭᠤᠣᠯ ᠰᠡᠳᠦᠪ ᠢᠶᠠᠷ ᠰᠢᠨ᠎ᠡ ᠵᠢᠯ ᠢ ᠤᠭᠲᠤᠬᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠲᠣᠰᠬᠤᠨ ᠤ ᠠᠷᠠᠳ ᠬᠠᠮᠲᠤ ᠳᠠᠭᠤᠯᠠᠨ ᠪᠥᠵᠢᠭᠯᠡᠵᠦ᠂ ᠦᠨᠳᠦᠰᠦᠲᠡᠨ ᠤ ᠪᠦᠯᠬᠦᠮᠳᠡᠯ ᠤᠨ ᠠᠭᠤᠰᠤᠯᠴᠠᠯ ᠢ ᠡᠳ᠋ᠯᠡᠵᠦ᠂ ᠨᠠᠮ ᠣᠯᠠᠨ ᠲᠦᠮᠡᠨ ᠤ ᠰᠡᠳᠬᠢᠯ ᠨᠢᠭᠡᠳᠦᠨ ᠡᠶ᠎ᠡ ᠵᠣᠬᠢᠴᠠᠩᠭᠤᠢ ᠶᠢ ᠮᠡᠳᠡᠷᠡᠪᠡ᠃    ᠶᠠᠭ ᠲᠣᠰᠬᠤᠨ ᠤ ᠨᠠᠮ ᠤᠨ ᠡᠭᠦᠷ ᠤᠨ ᠱᠦᠵᠢ ᠰᠣ᠋ ᠵᠢᠶᠠᠨ ᠵᠢᠶᠦ᠋ᠨ ᠤ ᠬᠡᠯᠡᠭᠰᠡᠨᠴᠢᠯᠡᠨ᠄ ︽ᠠᠷᠠᠳ ᠲᠦᠮᠡᠨ ᠤ ᠲᠥᠯᠥᠭᠡ ᠵᠢᠳᠬᠦᠬᠦ ᠪᠣᠯ ᠨᠢᠭᠡᠨ ᠬᠤᠪᠢ ᠵᠣᠷᠢᠯᠲᠠ ᠮᠥᠨ᠂ ᠵᠢᠷᠤᠭ ᠲᠥᠰᠦᠪ ᠢ ᠵᠢᠷᠤᠭᠯᠠᠵᠤ᠂ ᠵᠣᠯ ᠵᠢᠷᠭᠠᠯ ᠢ ᠡᠭᠦᠳᠬᠦ ᠶᠢᠨ ᠴᠥᠬᠦᠷᠡᠰᠢ ᠦᠭᠡᠢ ᠬᠥᠳᠡᠯᠭᠡᠬᠦ ᠬᠦᠴᠦᠨ ᠮᠥᠨ︾ ᠭᠡᠵᠦ ᠬᠡᠯᠡᠵᠦ ᠪᠠᠶᠢᠯ᠎ᠠ᠃ ᠱᠦᠢ ᠴᠢᠦᠸᠡᠨ ᠲᠣᠰᠬᠤᠨ ᠤ ᠦᠯᠢᠭᠡᠷ ᠶᠠᠭ ᠨᠡᠩ ᠣᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠦᠶ᠎ᠡ ᠶᠢᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠥᠳᠡᠭᠡ ᠲᠣᠰᠬᠤᠨ ᠤ ᠢᠷᠡᠭᠡᠳᠦᠢ ᠳᠤ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠬᠦ ᠶᠢ ᠵᠣᠷᠢᠭᠵᠢᠭᠤᠯᠵᠤ ᠪᠠᠶᠢᠨ᠎ᠠ᠃  
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号