ᠥᠪᠥᠷ ᠮᠤᠩᠭᠤᠯ ᠤᠨ ᠲᠡᠷᠢᠭᠦᠨ︕ ᠭᠦᠸᠧ ᠵᠢᠢ ᠳᠠᠩ ᠬᠤᠨᠴᠢᠷ ᠴᠢᠨᠠᠬᠤ ᠡᠮ ᠨᠢ ᠪᠦᠬᠦ ᠤᠯᠤᠰ ᠤᠨ ᠬᠢᠲᠠᠳ ᠡᠮ ᠤᠨ ᠴᠢᠨᠠᠬᠤ ᠡᠮ ᠤᠨ ᠬᠤᠯᠪᠣᠭᠠᠨ ᠳᠠᠬᠢ ᠲᠥᠪᠯᠡᠷᠡᠭᠦᠯᠦᠨ ᠬᠤᠳᠠᠯᠳᠤᠵᠤ ᠠᠪᠬᠤ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃
ᠨᠡᠶᠢᠲᠡᠯᠡᠭᠰᠡᠨ ᠴᠠᠭ᠄
2024/12/24
    ᠭᠦᠶᠡᠩ ᠰᠢᠶᠠᠨ ᠤ ᠥᠪᠥᠷ ᠮᠤᠩᠭᠤᠯ ᠤᠨ ᠭᠦᠸᠧ ᠵᠢᠢ ᠳᠠᠩ ᠬᠢᠲᠠᠳ ᠡᠮ ᠤᠨ ᠴᠢᠨᠠᠬᠤ ᠬᠢᠵᠠᠭᠠᠷᠲᠤ ᠺᠣᠮᠫᠠᠨᠢ ᠠᠮᠵᠢᠯᠲᠠ ᠣᠯᠵᠤ ᠥᠪᠥᠷ ᠮᠣᠩᠭᠤᠯ ᠤᠨ ᠴᠤᠷ ᠤᠨ ᠭᠠᠭᠴᠠ ᠪᠦᠰᠡᠯᠡᠯᠲᠡ ᠳᠤ ᠤᠷᠤᠭᠰᠠᠨ ᠬᠤᠨᠴᠢᠷ ᠤᠮᠳᠠᠭᠠᠨ ᠤ ᠠᠵᠤ ᠠᠬᠤᠶᠢᠯᠠᠯ ᠪᠣᠯᠵᠠᠢ᠃    ᠲᠤᠰ ᠤᠳᠠᠭ᠎ᠠ ᠬᠢᠲᠠᠳ ᠡᠮ ᠤᠨ ᠴᠢᠨᠠᠬᠤ ᠡᠮ ᠤᠨ ᠬᠤᠯᠪᠣᠭᠠᠨ ᠤ ᠬᠤᠳᠠᠯᠳᠤᠨ ᠠᠪᠬᠤ ᠠᠵᠢᠯ ᠪᠣᠯ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠵᠢᠯᠣᠭᠤᠳᠣᠯᠭ᠎ᠠ ᠳᠣᠣᠷ᠎ᠠ᠂ ᠱᠠᠨᠳᠦ᠋ᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠪᠦᠬᠦ ᠤᠯᠤᠰ ᠤᠨ 32 ᠮᠤᠵᠢ ᠬᠤᠲᠠ ᠣᠷᠣᠨ ᠤ ᠡᠮ ᠤᠨ ᠠᠵᠤ ᠠᠬᠤᠶᠢᠯᠠᠯ ᠣᠷᠣᠯᠴᠠᠵᠤ᠂ ᠲᠥᠷᠥᠯ ᠵᠦᠢᠯ ᠳᠤ ᠬᠤᠨᠴᠢᠷ᠂ ᠨᠠᠮ ᠤᠨ ᠢᠯᠲᠠᠰᠤ᠂ ᠠᠯᠲᠠᠨ ᠮᠥᠩᠭᠦᠨ ᠴᠡᠴᠡᠭ᠂ ᠳ᠋ᠠᠩ ᠭᠦᠸᠧ᠂ ᠬᠤᠩ ᠬᠤᠸᠠ᠂ ᠮᠠᠢ ᠳ᠋ᠦᠩ᠂ ᠲᠠᠶᠢᠽᠢ ᠣᠷᠬᠤᠳᠠᠢ ᠵᠡᠷᠭᠡ 45 ᠲᠣᠮᠣ ᠬᠡᠯᠪᠡᠷᠢ ᠶᠢᠨ ᠬᠢᠲᠠᠳ ᠡᠮ ᠤᠨ ᠴᠢᠨᠠᠬᠤ ᠡᠮ ᠤᠨ ᠬᠤᠯᠪᠣᠭ᠎ᠠ ᠪᠠᠷ ᠬᠤᠳᠠᠯᠳᠤᠨ ᠠᠪᠴᠤ ᠪᠤᠢ᠃ ᠨᠡᠶᠢᠲᠡ 1200 ᠭᠠᠷᠤᠢ ᠬᠢᠲᠠᠳ ᠡᠮ ᠦᠢᠯᠡᠳᠪᠦᠷᠢᠯᠡᠬᠦ ᠠᠵᠤ ᠠᠬᠤᠶᠢᠯᠠᠯ ᠥᠷᠢᠰᠥᠯᠳᠦᠨ ᠦᠨ᠎ᠡ ᠮᠡᠳᠡᠭᠦᠯᠬᠦ ᠳᠤ ᠣᠷᠣᠯᠴᠠᠵᠤ᠂ ᠡᠮᠦᠨ᠎ᠡ 30% ᠳᠤ ᠵᠢᠭᠰᠠᠭᠠᠭᠳᠠᠭᠰᠠᠨ ᠠᠵᠤ ᠠᠬᠤᠶᠢᠯᠠᠯ ᠨᠢ ᠲᠤᠰ ᠬᠤᠯᠪᠣᠭᠠᠨ ᠤ ᠭᠠᠵᠠᠷ ᠣᠷᠣᠨ ᠳᠤ ᠣᠷᠣᠵᠤ ᠦᠨ᠎ᠡ ᠬᠠᠶᠠᠯᠴᠠᠨ ᠮᠡᠳᠡᠭᠦᠯᠬᠦ ᠵᠠᠩᠭᠢᠯᠠᠭ᠎ᠠ ᠶᠢᠨ ᠠᠵᠤ ᠠᠬᠤᠶᠢᠯᠠᠯ ᠢᠶᠠᠷ ᠲᠣᠭᠲᠠᠵᠤ᠂ ᠴᠢᠨᠠᠬᠤ ᠡᠮ ᠤᠨ ᠲᠥᠷᠥᠯ ᠵᠦᠢᠯ ᠨᠢ ᠬᠠᠮᠤᠭ ᠤᠨ ᠠᠷᠪᠢᠨ ᠳᠠᠭᠠᠨ ᠵᠥᠪᠬᠡᠨ 50 ᠡᠷᠦᠬᠡ ᠣᠷᠣᠵᠤ ᠪᠣᠯᠤᠨ᠎ᠠ᠃ ᠡᠭᠦᠨ ᠤ ᠳᠣᠲᠣᠷ᠎ᠠ᠂ ᠭᠦᠶᠡᠩ ᠰᠢᠶᠠᠨ ᠤ ᠥᠪᠥᠷ ᠮᠣᠩᠭᠤᠯ ᠤᠨ ᠭᠦᠸᠧ ᠵᠢᠢ ᠲᠠᠩ ᠬᠢᠲᠠᠳ ᠡᠮ ᠤᠨ ᠴᠢᠨᠠᠬᠤ ᠡᠮ ᠤᠨ ᠬᠢᠵᠠᠭᠠᠷᠲᠤ ᠺᠣᠮᠫᠠᠨᠢ ᠠᠮᠵᠢᠯᠲᠠ ᠲᠠᠢ ᠪᠦᠰᠡᠯᠡᠯᠲᠡ ᠳᠤ ᠣᠷᠣᠵᠠᠢ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号