ᠬᠤᠸᠠᠢ ᠱᠦᠸᠧ ᠪᠠᠯᠭᠠᠰᠤ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠴᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/12/24
    12 ᠰᠠᠷ᠎ᠠ ᠶᠢᠨ 20 ᠤ ᠡᠳᠦᠷ᠂ ᠬᠤᠸᠠᠢ ᠱᠦᠸᠧ ᠪᠠᠯᠭᠠᠰᠤ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠴᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠢ ᠰᠤᠳᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠭᠤᠤ ᠬᠠᠢ ᠶᠢᠩ ᠬᠤᠷᠠᠯ ᠢ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠭᠡᠰᠢᠭᠦᠳ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠪᠦᠬᠦ ᠪᠠᠯᠭᠠᠰᠤᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠠᠮᠤ ᠪᠤᠳᠠᠭᠠᠨ ᠤ ᠦᠢᠯᠡᠳᠪᠦᠷᠢᠯᠡᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠠᠳᠬᠤᠵᠤ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠡᠯ᠎ᠡ ᠲᠣᠰᠬᠤᠨ ᠤ ︽ᠬᠤᠶᠠᠷ ᠵᠥᠪᠯᠡᠯ︾ ᠨᠢᠭᠲᠠ ᠬᠠᠮᠵᠢᠯᠴᠠᠵᠤ᠂ ᠤᠯᠤᠰ ᠤᠨ ᠳᠡᠰ ᠤᠨ ᠬᠢᠨᠠᠨ ᠰᠢᠯᠭᠠᠵᠤ ᠦᠨᠡᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠨ᠂ ᠣᠯᠠᠨ ᠲᠦᠮᠡᠨ ᠤ ᠣᠯᠠᠨ ᠲᠦᠮᠡᠨ ᠳᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠳᠤ ︽ᠲᠣᠳᠣᠷᠬᠠᠢ ᠳᠠᠩᠰᠠ︾ ᠶᠢ ᠲᠣᠳᠣᠷᠬᠠᠢ ᠪᠣᠳᠣᠵᠤ ᠥᠭᠴᠦ᠂ ᠣᠨᠴᠠᠭᠠᠢ ᠬᠥᠮᠦᠰ᠂ ᠭᠤᠣᠯᠳᠠᠯᠭ᠎ᠠ ᠲᠠᠢ ᠬᠥᠮᠦᠰ ᠲᠤ ᠠᠩᠬᠠᠷᠤᠨ᠂ ᠣᠷᠣᠨ ᠰᠠᠭᠤᠴᠠ ᠶᠢᠨ ᠠᠮᠤᠷ ᠲᠦᠪᠰᠢᠨ᠂ ᠡᠮ ᠡᠮᠨᠡᠯᠭᠡ ᠶᠢᠨ ᠪᠠᠲᠤᠯᠠᠭ᠎ᠠ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠤᠤᠭᠤᠬᠤ ᠤᠰᠤᠨ ᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠰᠠᠭᠤᠷᠢ ᠠᠵᠢᠯ ᠢ ᠦᠨᠡᠨᠬᠦ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠪᠡ᠃    ᠬᠤᠶᠠᠷ ᠲᠤ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠠᠷᠢᠮᠠᠯ ᠤᠨ ᠡᠭᠦᠷᠭᠡ ᠪᠠᠨ ᠲᠣᠳᠣᠷᠬᠠᠶᠢᠯᠠᠵᠤ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠢᠳᠡᠪᠬᠢᠵᠢᠯ ᠢ ᠳᠠᠶᠢᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯᠲᠠᠨ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠵᠠᠳᠠᠯᠤᠯᠲᠠ ᠶᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ 2025 ᠣᠨ ᠳᠤ ᠠᠮᠤ ᠪᠤᠳᠠᠭᠠᠨ ᠤ ᠲᠠᠷᠢᠮᠠᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠭᠤᠷᠪᠠ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠤᠳᠠᠭᠠᠨ ᠳᠠᠭᠠᠭᠠᠮᠠᠭᠠᠢ ᠳᠠᠶᠢᠨ︾ ᠢ ᠰᠠᠶᠢᠲᠤᠷ ᠬᠢᠵᠦ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠪᠣᠯᠤᠨ ᠡᠯ᠎ᠡ ᠲᠣᠰᠬᠤᠨ ᠤ ︽ᠬᠤᠶᠠᠷ ᠵᠥᠪᠯᠡᠯ︾ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠷᠢᠨ ᠵᠦᠢᠯᠡᠰ ᠠᠴᠠ ᠭᠠᠷᠳᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠳᠤᠷ᠎ᠠ ᠪᠠᠷ ᠢᠶᠠᠨ ᠣᠪᠣᠭᠠᠯᠠᠵᠤ  ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠲᠠᠯᠪᠢᠬᠤ ᠵᠡᠷᠭᠡ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠲᠣᠰᠬᠤᠨ ᠤ ᠭᠤᠣᠯ ᠳᠡᠳ᠋ ᠵᠠᠮ᠂ ᠭᠡᠷ ᠤᠨ ᠡᠮᠦᠨ᠎ᠡ ᠠᠷᠤ᠂ ᠭᠤᠤ ᠭᠠᠩᠭ᠎ᠠ ᠶᠢᠨ ᠵᠠᠮ᠂ ︽ᠭᠤᠷᠪᠠᠨ ᠣᠪᠣᠭ᠎ᠠ︾ ᠵᠡᠷᠭᠡ ᠣᠷᠣᠨ ᠢ ᠲᠦᠢᠯᠪᠤᠷᠢᠲᠠᠢ ᠴᠡᠪᠡᠷᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ︽ᠦᠯᠦ ᠦᠵᠡᠭᠳᠡᠬᠦ ᠭᠠᠵᠠᠷ︾ ᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠢ ᠭᠡᠪᠡ᠃    ᠳᠥᠷᠪᠡ ᠳᠤ᠂ ᠠᠵᠢᠯ ᠤᠨ ᠬᠠᠷᠢᠭᠤᠴᠠᠯᠭ᠎ᠠ ᠶᠢ ᠡᠷᠡᠰ ᠪᠣᠳᠠᠲᠠᠶᠢᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠬᠦᠴᠦᠲᠡᠢ ᠰᠡᠷᠭᠡᠶᠢᠯᠡᠨ ᠠᠷᠢᠯᠭᠠᠬᠤ ᠶᠢ ᠪᠠᠷᠢᠮᠲᠠᠯᠠᠵᠤ᠂ ᠲᠣᠬᠤᠨᠢᠭᠤᠯᠬᠤ᠂ ᠬᠠᠪᠰᠤᠷᠤᠨ ᠲᠡᠳᠬᠦᠬᠦ ᠵᠡᠷᠭᠡ ᠠᠵᠢᠯ ᠲᠠᠢ ᠤᠶᠠᠯᠳᠤᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠪᠠᠶᠢᠴᠠᠭᠠᠵᠤ᠂ ᠣᠯᠠᠨ ᠲᠦᠮᠡᠨ ᠤ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠴᠢᠳᠠᠯ ᠤᠨ ᠬᠢᠷᠢ ᠪᠠᠷ ᠢᠶᠠᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠪᠰᠤᠷᠤᠨ ᠰᠢᠢᠳᠪᠦᠷᠢᠯᠡᠵᠦ ᠳᠡᠶᠢᠯᠬᠦ ᠬᠡᠷᠡᠭᠲᠡᠢ᠃ ᠡᠯ᠎ᠡ ᠳᠠᠭᠠᠭᠠᠴᠢᠯᠠᠭᠰᠠᠨ ᠲᠣᠰᠬᠤᠨ ᠤ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠨ ᠠᠪᠴᠤ ᠰᠢᠢᠳᠪᠦᠷᠢᠯᠡᠬᠦ ᠡᠭᠦᠷᠭᠡ ᠶᠢ ᠴᠢᠩᠭ᠎ᠠ ᠵᠢᠷᠤᠮᠯᠠᠨ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠨ ᠳᠠᠯᠳᠠ ᠭᠡᠮ ᠢ ᠬᠦᠴᠦᠯᠡᠨ ᠠᠷᠢᠯᠭᠠᠵᠤ᠂ ᠪᠦᠬᠦ ᠪᠠᠯᠭᠠᠰᠤᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠡᠵᠡᠮᠳᠡᠵᠦ ᠪᠣᠯᠬᠤ ᠶᠢ ᠦᠨᠡᠨᠬᠦ ᠪᠠᠲᠤᠯᠠᠪᠠ᠃    ᠲᠠᠪᠤ ᠳᠤ᠂ ᠪᠠᠴᠢᠮ ᠪᠠᠶᠢᠳᠠᠯ ᠢ ᠠᠷᠭᠠᠴᠠᠬᠤ ᠤᠬᠠᠮᠰᠠᠷ ᠢᠶᠠᠨ ᠴᠢᠩᠭᠠᠳᠬᠠᠵᠤ᠂ ︽ᠶᠢᠰᠦᠨ ᠪᠠᠭ᠎ᠠ ᠲᠠᠯᠠᠪᠤᠷ︾ ᠢ ᠵᠢᠭᠰᠠᠭᠠᠨ ᠪᠠᠶᠢᠴᠠᠭᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠡᠪᠦᠯ ᠤᠨ ᠤᠯᠠᠷᠢᠯ ᠤᠨ ᠭᠠᠯ ᠴᠠᠬᠢᠯᠭᠠᠨ ᠬᠡᠷᠡᠭᠯᠡᠬᠦ ᠵᠡᠷᠭᠡ ᠠᠮᠤᠷ ᠲᠦᠪᠰᠢᠨ ᠤ ᠵᠦᠢᠯᠡᠰ ᠤᠨ ᠤᠬᠠᠭᠤᠯᠭ᠎ᠠ ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠬᠤ᠂ ᠴᠡᠭᠴᠡᠯᠡᠨ ᠵᠠᠰᠠᠬᠤ ᠶᠢ ᠪᠣᠳᠠᠲᠠᠶᠢᠵᠢᠭᠤᠯᠬᠤ᠂ ᠠᠮᠤᠷ ᠲᠦᠪᠰᠢᠨ ᠤ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠪᠡ᠃    ᠵᠢᠷᠭᠤᠭ᠎ᠠ ᠳᠤ ᠪᠠᠶᠠᠷ ᠤᠨ ᠡᠳᠦᠷ ᠠᠴᠠ ᠡᠮᠦᠨᠡᠬᠢ ︽ᠬᠡᠷᠡᠭᠴᠡᠭᠡ ᠶᠢ ᠠᠷᠠᠳ ᠠᠴᠠ ᠠᠰᠠᠭᠤᠬᠤ︾᠂ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠬᠦ ᠵᠡᠷᠭᠡ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠣᠨᠴᠠᠭᠠᠢ ᠬᠥᠮᠦᠰ᠂ ᠬᠦᠴᠢᠷᠳᠡᠯᠲᠡᠢ ᠣᠯᠠᠨ ᠲᠦᠮᠡᠨ ᠤ ᠴᠠᠭᠠᠨ ᠰᠠᠷ᠎ᠠ ᠶᠢᠨ ᠬᠡᠷᠡᠭᠴᠡᠭᠡ ᠶᠢ ᠦᠨᠡᠨ ᠬᠦ ᠣᠶᠢᠯᠠᠭᠠᠵᠤ ᠂ ᠲᠡᠳᠡᠨ ᠤ ᠪᠠᠴᠢᠮ ᠲᠤᠯᠭᠠᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠪᠤᠭᠤᠲᠤ ᠬᠤᠲᠠ ᠶᠢᠨ ᠤᠳᠬ᠎ᠠ ᠤᠷᠠᠯᠢᠭ ᠤᠨ ᠬᠤᠯᠪᠣᠭ᠎ᠠ ᠤᠳᠬ᠎ᠠ ᠤᠷᠠᠯᠢᠭ ᠢ ᠬᠥᠳᠡᠭᠡ ᠪᠠᠭᠤᠯᠭᠠᠬᠤ ᠠᠵᠢᠯᠯᠠᠭ᠎ᠠ ᠶᠠᠪᠤᠭᠳᠠᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃    ᠳᠣᠯᠤᠭ᠎ᠠ ᠳᠤ᠂ ᠪᠦᠬᠦ ᠪᠠᠯᠭᠠᠰᠤᠨ ᠤ ᠠᠵᠢᠯ ᠤᠨ ᠲᠥᠯᠥᠪᠯᠡᠭᠡ ᠶᠢ ᠲᠥᠯᠥᠪᠵᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠠᠵᠢᠯ ᠤᠨ ᠰᠡᠳᠬᠢᠴᠡ ᠪᠣᠯᠤᠨ ᠬᠠᠷᠠᠯᠲᠠ ᠪᠠᠨ ᠳᠤᠷᠠᠳᠴᠤ᠂ ᠡᠩ ᠤᠨ ᠠᠵᠢᠯ ᠢ ᠪᠦᠬᠦ ᠲᠠᠯ᠎ᠠ ᠪᠠᠷ ᠪᠣᠳᠣᠯᠬᠢᠯᠠᠬᠤ ᠮᠥᠷᠲᠡᠭᠡᠨ ᠪᠠᠰᠠ ︽ᠦᠰᠦᠷᠴᠦ ᠭᠠᠷᠴᠤ ᠲᠤᠭᠤᠷ ᠲᠡᠭᠦᠬᠦ︾ ᠬᠠᠷᠠᠯᠲᠠ ᠶᠢ ᠲᠣᠭᠲᠠᠭᠠᠵᠤ᠂ ᠨᠡᠩ ᠴᠤ ᠬᠠᠷᠠᠯᠲᠠ ᠪᠠᠨ ᠪᠡᠶᠡᠯᠡᠭᠦᠯᠬᠦ ᠠᠷᠭ᠎ᠠ ᠵᠠᠮ ᠲᠣᠭᠲᠠᠭᠠᠵᠤ᠂ ᠬᠠᠮᠤᠭ ᠡᠴᠦᠰ ᠲᠤ ᠪᠦᠬᠦ ᠪᠠᠯᠭᠠᠰᠤᠨ ᠤ ᠶᠡᠷᠦᠩᠬᠡᠢ ᠠᠵᠢᠯ ᠢ ᠬᠠᠮᠤᠷᠤᠭᠰᠠᠨ ᠨᠠᠷᠢᠨ ᠳᠠᠩᠰᠠ ᠶᠢ ᠪᠦᠷᠢᠯᠳᠦᠭᠦᠯᠵᠦ᠂ ᠨᠢᠭᠡᠳ ᠨᠢᠭᠡ ᠪᠠᠷ ᠳᠤᠬᠢᠷᠠᠭᠤᠯᠵᠤ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠪᠦᠬᠦ ᠪᠠᠯᠭᠠᠰᠤᠨ ᠤ ᠬᠥᠭᠵᠢᠯᠲᠡ ᠳᠤ ᠨᠡᠩ ᠶᠡᠭᠡ ᠰᠢᠨ᠎ᠡ ᠠᠮᠵᠢᠯᠲᠠ ᠦᠷ᠎ᠡ ᠪᠦᠲᠦᠭᠡᠯ ᠢ ᠡᠭᠦᠳᠦᠨ ᠪᠠᠶᠢᠭᠤᠯᠬᠤ ᠬᠡᠷᠡᠭᠲᠡᠢ ᠭᠡᠪᠡ᠃ 
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号