ᠨᠢᠭᠡ᠂ ᠠᠬᠤᠢ ᠪᠠᠶᠢᠳᠠᠯ ᠪᠠ ᠰᠢᠯᠲᠠᠭᠠᠨ | ᠲᠠᠯ᠎ᠠ ᠨᠤᠲᠤᠭ ᠤᠨ ᠨᠣᠮ ᠤᠨ ᠥᠷᠥᠭᠡ ᠪᠣᠯ ᠲᠥᠪ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠦᠴᠦᠲᠡᠢ ᠳᠡᠮᠵᠢᠯᠭᠡ ᠳᠣᠣᠷ᠎ᠠ ᠪᠠᠶᠢᠭᠤᠯᠤᠭᠰᠠᠨ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ | ᠢᠨᠵᠧᠨᠧᠷᠢᠩ ᠪᠣᠯᠬᠤ ᠪᠥᠭᠡᠳ ᠲᠠᠷᠢᠶᠠᠯᠠᠬᠤ ᠮᠠᠯᠵᠢᠬᠤ ᠣᠷᠣᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ | ᠠᠷᠠᠳ ᠣᠯᠠᠨ ᠤ ᠬᠡᠪ ᠴᠢᠨᠠᠷ ᠢ ᠳᠡᠭᠡᠭᠰᠢᠯᠡᠭᠦᠯᠦᠨ᠎ᠠ ᠃ ᠵᠢᠨᠱᠠᠨ ᠪᠠᠯᠭᠠᠰᠤ ᠳᠤ ᠲᠠᠯ᠎ᠠ ᠨᠤᠲᠤᠭ ᠤᠨ ᠨᠣᠮ ᠤᠨ | ᠥᠷᠥᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃ ᠭᠡᠪᠡᠴᠦ ᠣᠶᠢᠷ᠎ᠠ ᠶᠢᠨ | ᠵᠢᠯ ᠳᠤ᠂ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ᠂ ᠰᠦᠯᠵᠢᠶᠡᠨ ᠤ ᠨᠣᠮ ᠤᠩᠰᠢᠬᠤ ᠡᠬᠢ ᠪᠠᠶᠠᠯᠢᠭ | ᠲᠦᠢᠯ ᠤᠨ ᠶᠡᠭᠡ᠂ ᠣᠬᠤᠷ ᠸᠢᠳᠢᠣ᠋ ᠳᠡᠯᠭᠡᠷᠡᠬᠦ ᠵᠢᠴᠢ ᠭᠦᠶᠡᠩ ᠰᠢᠶᠠᠨ ᠤ ᠨᠠᠰᠤᠵᠢᠯ ᠤᠨ ᠠᠮᠢᠳᠤᠷᠠᠯ ᠬᠦᠨᠳᠦᠷᠡᠬᠦ ᠶᠢ | ᠳᠠᠭᠠᠯᠳᠤᠨ᠂ ᠴᠠᠭᠠᠰᠤᠨ ᠨᠣᠮ ᠤᠩᠰᠢᠬᠤ ᠬᠥᠮᠦᠰ ᠪᠠᠭᠠᠰᠴᠦ᠂ ᠡᠯ᠎ᠡ ᠲᠤᠰᠬᠤᠨ᠂ ᠨᠡᠶᠢᠭᠡᠮ ᠲᠣᠭᠤᠷᠢᠭ ᠤᠨ | ᠲᠠᠯ᠎ᠠ ᠨᠤᠲᠤᠭ ᠤᠨ ᠨᠣᠮ ᠤᠨ ᠥᠷᠥᠭᠡᠨ ᠤ ᠬᠡᠷᠡᠭᠯᠡᠬᠦ ᠨᠣᠷᠮ᠎ᠠ ᠨᠢ ᠳᠣᠣᠷ᠎ᠠ ᠪᠣᠯᠤᠭᠰᠠᠨ ᠪᠠᠶᠢᠨ᠎ᠠ᠃ | ᠬᠤᠶᠠᠷ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ | ᠨᠣᠮ ᠤᠨ ᠥᠷᠥᠭᠡ ᠶᠢᠨ ᠴᠢᠳᠠᠮᠵᠢ ᠶᠢᠨ ᠠᠭᠤᠯᠤᠭᠳᠠᠬᠤᠨ ᠪᠠ ᠠᠭᠤᠯᠬᠤᠨ ᠢᠶᠠᠨ ᠲᠠᠰᠤᠷᠠᠯᠲᠠ ᠦᠭᠡᠢ ᠥᠷᠭᠡᠳᠬᠡᠨ᠂ | ᠬᠥᠭᠵᠢᠯᠲᠡ ᠶᠢᠨ ᠴᠢᠨᠠᠷᠲᠠᠢ ᠠᠵᠢᠯ ᠤᠨ ᠠᠷᠭ᠎ᠠ ᠵᠠᠮ ᠪᠠ ᠰᠢᠨ᠎ᠡ ᠶᠢ ᠡᠭᠦᠳᠬᠦ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠰᠣᠶᠣᠯ ᠢ ᠬᠥᠭᠵᠢᠭᠦᠯᠦᠨ ᠮᠠᠨᠳᠤᠭᠤᠯᠬᠤ ᠡᠨᠡ ᠬᠦ ᠵᠣᠬᠢᠶᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠵᠦ᠂ ᠵᠢᠨᠱᠠᠨ ᠪᠠᠯᠭᠠᠰᠤ ︽ᠲᠠᠯ᠎ᠠ ᠨᠤᠲᠤᠭ ᠤᠨ ᠨᠣᠮ ᠤᠨ ᠥᠷᠥᠭᠡ ᠶᠢᠨ 1+2︾ ᠤᠨ ᠵᠠᠭᠪᠤᠷ ᠢ | ᠠᠰᠢᠭᠯᠠᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠡᠷᠡᠭᠯᠡᠯᠲᠡ ᠶᠢᠨ ᠨᠣᠷᠮ᠎ᠠ ᠳᠣᠣᠷ᠎ᠠ ᠪᠠᠶᠢᠬᠤ ᠬᠦᠴᠢᠷ | ᠠᠰᠠᠭᠤᠳᠠᠯ ᠢ ᠰᠢᠢᠳᠪᠦᠷᠢᠯᠡᠪᠡ᠃ | ︽ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ︾᠂ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠲᠠᠯ᠎ᠠ ᠨᠤᠲᠤᠭ ᠤᠨ ᠨᠣᠮ ᠤᠨ | ᠥᠷᠥᠭᠡ ᠶᠢ ᠳᠣᠣᠷ᠎ᠠ ᠪᠠᠷᠢᠮᠵᠢᠶ᠎ᠠ ᠪᠠᠷ ᠥᠨᠳᠥᠷ ᠪᠠᠷᠢᠮᠵᠢᠶ᠎ᠠ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠲᠠᠯ᠎ᠠ | ᠨᠤᠲᠤᠭ ᠤᠨ ᠨᠣᠮ ᠤᠨ ᠥᠷᠥᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠣᠶᠣᠯ ᠤᠨ ᠠᠮᠤ | ᠪᠤᠳᠠᠭᠠᠨ ᠤ ᠬᠥᠮᠥᠷᠭᠡ︾ ᠪᠣᠯᠭᠠᠨ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠳᠡᠰ ᠳᠡᠪᠰᠢᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ | ᠵᠢᠨᠱᠠᠨ ᠪᠠᠯᠭᠠᠰᠤ ︽ᠤᠩᠰᠢᠭᠴᠢᠳ ᠨᠢᠭᠡᠳᠦᠭᠡᠷ᠂ ᠦᠢᠯᠡᠴᠢᠯᠡᠭᠡ ᠶᠢ ᠳᠡᠭᠡᠳᠦᠯᠡᠬᠦ︾ ᠵᠣᠷᠢᠯᠲᠠ ᠶᠢ ᠪᠠᠷᠢᠮᠲᠠᠯᠠᠵᠤ᠂ | ᠣᠯᠠᠨ ᠠᠷᠭ᠎ᠠ ᠬᠡᠮᠵᠢᠶ᠎ᠡ ᠠᠪᠴᠤ ᠲᠠᠯ᠎ᠠ ᠨᠤᠲᠤᠭ ᠤᠨ ᠨᠣᠮ ᠤᠨ ᠥᠷᠥᠭᠡ ᠳᠤ ᠴᠢᠨᠠᠷ ᠰᠠᠶᠢᠲᠠᠢ ᠦᠢᠯᠡᠴᠢᠯᠡᠭᠡ | ᠬᠠᠩᠭᠠᠬᠤ ᠶᠢ ᠪᠠᠲᠤᠯᠠᠪᠠ᠃ | ᠨᠢᠭᠡ ᠳᠤ᠂ ᠲᠤᠰᠬᠠᠢ ᠬᠥᠮᠦᠨ ᠲᠣᠬᠢᠷᠠᠭᠤᠯᠤᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠡᠳᠦᠷ | ᠲᠤᠲᠤᠮ ᠤᠨ ᠠᠵᠢᠯᠯᠠᠭᠠᠨ ᠪᠠ ᠬᠠᠮᠠᠭᠠᠯᠠᠯᠲᠠ ᠶᠢ ᠬᠠᠷᠢᠭᠤᠴᠠᠭᠤᠯᠵᠤ᠂ ᠬᠠᠮᠢᠶᠠᠷᠤᠭᠴᠢ ᠶᠢ ᠢᠳᠡᠪᠬᠢᠲᠡᠢ ᠪᠠᠷ | ᠵᠣᠬᠢᠶᠠᠨ ᠪᠠᠶᠢᠭᠤᠯᠤᠨ ᠰᠢᠶᠠᠨ ᠤ ᠱᠠᠲᠤᠨ ᠤ ᠨᠣᠮ ᠪᠢᠴᠢᠭ ᠤᠨ ᠰᠢᠰᠲ᠋ᠧᠮ ᠤᠨ ᠵᠣᠬᠢᠶᠠᠨ ᠪᠠᠶᠢᠭᠤᠯᠤᠭᠰᠠᠨ ᠲᠤᠰᠬᠠᠢ | ᠰᠡᠳᠦᠪᠲᠦ ᠪᠣᠯᠪᠠᠰᠤᠷᠠᠭᠤᠯᠤᠯ ᠳᠤ ᠣᠷᠣᠯᠴᠠᠭᠤᠯᠵᠤ᠂ ᠣᠨᠣᠯ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ᠂ | ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠤᠩᠰᠢᠯᠭ᠎ᠠ ᠶᠢᠨ | ᠵᠢᠭᠰᠠᠭᠠᠯ ᠤᠨ ᠭᠠᠵᠠᠷ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ | ᠡᠭᠦᠳᠬᠦ ᠶᠢ ᠲᠠᠰᠤᠷᠠᠯᠲᠠ ᠥᠬᠡᠶ ᠠᠬᠢᠭᠤᠯᠵᠤ᠂ ᠨᠣᠮ ᠪᠢᠴᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ | ᠨᠣᠮ ᠤᠨ ᠥᠷᠥᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ | ᠬᠤᠶᠠᠷ ᠲᠤ᠂ ︽ᠠᠷᠠᠳ ᠣᠯᠠᠨ ᠤ ᠵᠠᠬᠢᠶᠠᠯᠠᠭ᠎ᠠ ᠶᠢᠨ ᠬᠠᠭᠤᠳᠠᠰᠤ︾ ᠶᠢᠨ ᠠᠵᠢᠯᠯᠠᠭ᠎ᠠ ᠶᠢ ᠥᠷᠭᠡᠳᠬᠡᠵᠦ᠂ | ᠣᠯᠠᠨ ᠲᠦᠮᠡᠨ ᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠵᠢᠭ ᠫᠷᠤᠭ᠍ᠷᠠᠮ ᠢᠶᠠᠷ ᠳᠠᠮᠵᠢᠭᠤᠯᠤᠨ ᠠᠷᠠᠳ ᠤᠨ | ᠤᠩᠰᠢᠬᠤ ᠬᠦᠰᠡᠯ ᠲᠠᠢ ᠨᠣᠮ ᠪᠢᠴᠢᠭ ᠢ ᠲᠡᠮᠳᠡᠭᠯᠡᠨ᠂ ᠬᠤᠶᠠᠳᠤᠭᠠᠷ ᠵᠢᠯ ᠳᠤ ᠱᠦᠵᠢ ᠵᠠᠬᠢᠶᠠᠯᠠᠬᠤ ᠦᠶ᠎ᠡ ᠳᠤ | ᠠᠷᠠᠳ ᠣᠯᠠᠨ ᠤ ᠵᠠᠬᠢᠶᠠᠯᠠᠭ᠎ᠠ ᠶᠢᠨ ᠬᠠᠭᠤᠳᠠᠰᠤ ᠶᠢ ᠤᠷᠢᠳᠠᠪᠠᠷ ᠪᠣᠳᠣᠯᠬᠢᠯᠠᠵᠤ᠂ ᠪᠦᠬᠦ ᠪᠠᠯᠭᠠᠰᠤᠨ ᠤ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠰᠣᠩᠭᠤᠨ ᠲᠣᠬᠢᠷᠠᠭᠤᠯᠬᠤ ᠨᠣᠮ ᠪᠢᠴᠢᠭ ᠤᠨ ᠬᠠᠨᠳᠤᠯᠭᠠᠲᠤ ᠴᠢᠨᠠᠷ᠂ | ᠬᠡᠷᠡᠭᠯᠡᠭᠡᠨ ᠤ ᠴᠢᠨᠠᠷ ᠪᠠ ᠤᠩᠰᠢᠵᠤ ᠪᠣᠯᠬᠤᠶᠢᠴᠠ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠲᠠᠯ᠎ᠠ ᠨᠤᠲᠤᠭ ᠤᠨ | ᠨᠣᠮ ᠤᠨ ᠥᠷᠥᠭᠡ ᠶᠢᠨ ᠵᠢᠭᠡᠯᠡᠨ ᠤᠩᠰᠢᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ | ᠤᠷᠢᠶᠠᠯᠠᠪᠠ᠃ | ᠭᠤᠷᠪᠠ ᠳᠤ᠂ ︽ᠨᠣᠮ ᠬᠦᠷᠭᠡᠬᠦ︾ ᠠᠵᠢᠯᠯᠠᠭ᠎ᠠ ᠶᠢ ᠰᠢᠨ᠎ᠡ ᠪᠠᠷ ᠡᠭᠦᠳᠴᠦ᠂ ᠰᠠᠷ᠎ᠠ ᠪᠦᠷᠢ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠠᠴᠠ ᠰᠠᠭᠤᠭᠠᠯᠢ ᠠᠷᠠᠳ ᠤᠨ ᠬᠠᠮᠲᠤᠯᠢᠭ ᠤᠨ | ᠳᠣᠲᠣᠷ᠎ᠠ ᠠᠴᠠ ᠤᠩᠰᠢᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ ᠲᠠᠯ᠎ᠠ ᠨᠤᠲᠤᠭ ᠤᠨ ᠨᠣᠮ ᠤᠨ | ᠥᠷᠥᠭᠡ ᠶᠢᠨ ᠰᠠᠶᠢᠨ ᠨᠣᠮ ᠢ ᠰᠣᠩᠭᠤᠵᠤ᠂ ᠭᠡᠷ ᠲᠤᠨᠢ ᠬᠦᠷᠴᠦ ᠰᠤᠷᠪᠤᠯᠵᠢᠯᠠᠬᠤ᠂ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠲᠠᠢ ᠤᠶᠠᠯᠳᠤᠭᠤᠯᠤᠨ᠂ ᠰᠠᠶᠢᠨ ᠨᠣᠮ ᠢ ᠣᠯᠠᠨ ᠲᠦᠮᠡᠨ ᠤ ᠳᠡᠷᠭᠡᠳᠡ | ᠬᠦᠷᠭᠡᠵᠦ᠂ ᠣᠯᠠᠨ ᠲᠦᠮᠡᠨ ᠪᠠ ᠤᠩᠰᠢᠯᠭ᠎ᠠ ᠶᠢᠨ ᠵᠠᠢ ᠶᠢ ᠪᠣᠭᠤᠨᠢᠰᠬᠠᠵᠤ᠂ ᠠᠵᠢᠯᠯᠠᠭ᠎ᠠ ᠥᠷᠨᠢᠭᠦᠯᠦᠭᠰᠡᠨ ᠠᠴᠠ | ᠨᠠᠰᠢ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠣᠮ ᠪᠢᠴᠢᠭ ᠢ ᠨᠢᠭᠡᠨᠲᠡ 900 ᠤᠳᠠᠭ᠎ᠠ ᠬᠦᠷᠭᠡᠪᠡ᠃ | ︽ᠲᠠᠯ᠎ᠠ ᠨᠤᠲᠤᠭ ᠤᠨ ᠨᠣᠮ ᠤᠨ ᠥᠷᠥᠭᠡ ᠶᠢ ᠪᠠᠶᠠᠯᠢᠭᠵᠢᠭᠤᠯᠬᠤ ᠠᠵᠢᠯᠯᠠᠭ᠎ᠠ︾ ᠶᠢ ᠲᠤᠰ ᠪᠡᠶ᠎ᠡ ᠶᠢᠨ | ᠣᠨᠴᠠᠯᠢᠭ ᠲᠠᠢ ᠪᠠᠨ ᠤᠶᠠᠯᠳᠤᠭᠤᠯᠤᠨ ᠥᠷᠨᠢᠭᠦᠯᠬᠦ ᠬᠡᠷᠡᠭᠲᠡᠢ᠃ ᠲᠠᠯ᠎ᠠ ᠨᠤᠲᠤᠭ ᠤᠨ ᠨᠣᠮ ᠤᠨ ᠥᠷᠥᠭᠡ ᠶᠢᠨ | ᠠᠰᠢᠭᠯᠠᠯᠲᠠ ᠶᠢᠨ ᠨᠣᠷᠮ᠎ᠠ ᠶᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠥᠯᠥᠭᠡ᠂ ᠵᠢᠨᠱᠠᠨ ᠪᠠᠯᠭᠠᠰᠤ ᠡᠯ᠎ᠡ ᠲᠣᠰᠬᠤᠨ᠂ | ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ ᠪᠠᠷ ᠲᠦᠰᠢᠭ ᠪᠣᠯᠭᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠪᠠᠷ ᠲᠠᠪᠴᠠᠩ ᠪᠣᠯᠭᠠᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠤᠯᠪᠣᠭᠠᠯᠠᠨ ᠣᠨᠣᠯ ᠢ ᠤᠬᠠᠭᠤᠯᠤᠨ ᠲᠠᠶᠢᠯᠪᠤᠷᠢᠯᠠᠬᠤ᠂ ᠬᠤᠪᠢᠰᠬᠠᠯ ᠤᠨ ᠨᠣᠮ | ᠤᠩᠰᠢᠬᠤ᠂ ᠨᠣᠮ ᠤᠩᠰᠢᠵᠤ ᠬᠤᠪᠢᠶᠠᠯᠴᠠᠨ ᠡᠳ᠋ᠯᠡᠬᠦ ᠵᠡᠷᠭᠡ ᠠᠵᠢᠯᠯᠠᠭ᠎ᠠ ᠶᠢ ᠨᠡᠶᠢᠲᠡ 276 ᠭᠠᠷᠤᠢ ᠤᠳᠠᠭ᠎ᠠ | ᠡᠷᠬᠢᠯᠡᠵᠦ᠂ ᠡᠷᠡᠭᠦᠯ ᠥᠭᠡᠳᠡᠷᠬᠡᠭ᠂ ᠪᠠᠶᠠᠯᠢᠭ ᠰᠠᠶᠢᠬᠠᠨ ᠰᠣᠶᠣᠯ ᠴᠡᠩᠭᠡᠯ ᠤᠨ ᠠᠵᠢᠯᠯᠠᠭ᠎ᠠ ᠲᠠᠢ ᠤᠶᠠᠯᠳᠤᠭᠤᠯᠤᠨ᠂ | ᠡᠯᠪᠡᠭ ᠪᠠᠶᠠᠯᠢᠭ ᠠᠭᠤᠯᠭ᠎ᠠ ᠲᠠᠢ ᠤᠩᠰᠢᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠡᠭᠦᠨ ᠤ | ᠬᠠᠮᠲᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠰᠡᠳᠬᠢᠬᠦᠢ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠣᠮ ᠪᠢᠴᠢᠭ ᠢᠶᠠᠷ ᠵᠠᠭᠤᠴᠢ ᠪᠣᠯᠭᠠᠵᠤ᠂ | ᠤᠩᠰᠢᠯᠭ᠎ᠠ ᠪᠠᠷ ᠬᠤᠯᠪᠣᠭᠠᠰᠤ ᠪᠣᠯᠭᠠᠨ᠂ ᠪᠦᠬᠦ ᠪᠠᠯᠭᠠᠰᠤᠨ ᠤ ᠬᠡᠪᠴᠢᠶᠡᠨ ᠳᠠᠬᠢ ︽ᠴᠠᠭᠠᠨ ᠰᠠᠷ᠎ᠠ ᠶᠢᠨ ᠰᠠᠶᠢᠨ | ᠨᠣᠮ ᠢ ᠬᠤᠪᠢᠶᠠᠨ ᠡᠳ᠋ᠯᠡᠬᠦ ᠬᠤᠷᠠᠯ︾᠂ ︽ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ ᠤᠩᠰᠢᠯᠭ᠎ᠠ ᠶᠢᠨ | ᠠᠵᠢᠯᠯᠠᠭ᠎ᠠ︾ ᠵᠢᠴᠢ ︽ᠢᠷᠡᠭᠡᠳᠦᠢ ᠶᠢ ᠬᠤᠪᠢᠷᠠᠭᠤᠯᠬᠤ︾ ᠵᠡᠷᠭᠡ ᠭᠤᠣᠯ ᠰᠡᠳᠦᠪᠲᠦ ᠤᠩᠰᠢᠯᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠲᠦᠮᠡᠨ ᠢ ᠨᠣᠮ ᠤᠨ ᠥᠷᠥᠭᠡ ᠶᠢ ᠬᠠᠮᠲᠤ ᠪᠠᠷ ᠣᠶᠢᠯᠠᠭᠠᠭᠤᠯᠤᠨ᠂ | ᠮᠠᠯᠴᠢᠨ ᠲᠠᠷᠢᠶᠠᠴᠢᠨ ᠤ ᠬᠤᠭᠤᠷᠣᠨᠳᠣᠬᠢ ᠰᠣᠯᠢᠯᠴᠠᠭ᠎ᠠ ᠪᠠ ᠦᠢᠯᠡᠳᠦᠯᠴᠡᠯ ᠢ ᠴᠢᠩᠭᠠᠳᠬᠠᠵᠤ᠂ ᠲᠠᠯ᠎ᠠ ᠨᠤᠲᠤᠭ ᠤᠨ | ᠨᠣᠮ ᠤᠨ ᠥᠷᠥᠭᠡ ᠶᠢ ᠣᠯᠠᠨ ᠲᠦᠮᠡᠨ ᠤ ᠣᠨᠣᠯ ᠲᠥᠷᠥ ᠶᠢᠨ ᠪᠣᠳᠣᠯᠭ᠎ᠠ ᠪᠠ ᠰᠣᠶᠣᠯ ᠤᠨ ᠮᠡᠳᠡᠯᠭᠡ ᠶᠢ | ᠰᠤᠷᠤᠯᠴᠠᠬᠤ ︽ᠰᠢᠨ᠎ᠡ ᠬᠢᠴᠢᠶᠡᠯ ᠤᠨ ᠲᠠᠩᠬᠢᠮ︾ ᠪᠣᠯᠭᠠᠵᠤ᠂ ᠤᠩᠰᠢᠯᠭ᠎ᠠ ᠶᠢ ᠦᠨᠳᠦᠰᠦᠨ ᠱᠠᠲᠤᠨ ᠳᠤ | ᠦᠨᠳᠦᠰᠦᠯᠡᠭᠦᠯᠵᠦ᠂ ᠢᠳᠡᠷᠡᠭᠦᠨ ᠢᠶᠠᠷ ᠦᠰᠦᠨ ᠪᠤᠶᠢᠵᠢᠭᠤᠯᠪᠠ᠃ | ᠭᠤᠷᠪᠠ᠂ ᠲᠤᠷᠰᠢᠯᠭ᠎ᠠ ᠪᠠ ᠰᠡᠩᠬᠡᠷᠡᠭᠦᠯᠦᠯ | ︽ᠲᠠᠯ᠎ᠠ ᠨᠤᠲᠤᠭ ᠤᠨ ᠨᠣᠮ ᠤᠨ ᠥᠷᠥᠭᠡ 1+2︾ ᠤᠨ ᠵᠠᠭᠪᠤᠷ ᠢᠶᠠᠷ ᠳᠠᠮᠵᠢᠭᠤᠯᠤᠨ᠂ ᠮᠠᠨ ᠤ | ᠪᠠᠯᠭᠠᠰᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠡᠷᠡᠭᠯᠡᠯᠲᠡ ᠶᠢᠨ ᠨᠣᠷᠮ᠎ᠠ ᠪᠣᠯᠤᠨ ᠲᠠᠲᠠᠬᠤ ᠬᠦᠴᠦᠨ ᠢ | ᠳᠡᠭᠡᠭᠰᠢᠯᠡᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠴᠣᠯ ᠨᠣᠮ ᠤᠩᠰᠢᠬᠤ ᠲᠠᠯᠠᠪᠤᠷ ᠠᠴᠠ | ᠶᠡᠷᠦᠩᠬᠡᠶᠢᠯᠡᠭᠰᠡᠨ ᠴᠢᠨᠠᠷᠲᠠᠢ ᠤᠩᠰᠢᠯᠭ᠎ᠠ ᠶᠢᠨ ᠰᠢᠷᠢᠰ ᠠᠵᠢᠯᠯᠠᠭ᠎ᠠ ᠶᠢᠨ ᠠᠵᠢᠯᠯᠠᠭ᠎ᠠ ᠪᠣᠯᠭᠠᠨ ᠬᠤᠪᠢᠷᠠᠭᠤᠯᠬᠤ ᠶᠢ | ᠠᠬᠢᠭᠤᠯᠵᠤ᠂ ᠠᠵᠢᠯᠯᠠᠭ᠎ᠠ ᠶᠢ ᠡᠷᠬᠢᠯᠡᠭᠰᠡᠨ ᠨᠢ ᠪᠠᠯᠭᠠᠰᠤ᠂ ᠲᠣᠰᠬᠤᠨ᠂ ᠨᠡᠶᠢᠭᠡᠮ ᠲᠣᠭᠤᠷᠢᠭ ᠲᠤ ᠭᠦᠨ ᠵᠤᠵᠠᠭᠠᠨ | ᠤᠩᠰᠢᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠬᠤ ᠳᠤ ᠠᠰᠢᠭᠲᠠᠢ᠂ ᠰᠠᠭᠤᠭᠠᠯᠢ ᠠᠷᠠᠳ ᠤᠨ ᠰᠡᠳᠬᠢᠯ ᠳᠤ | ᠤᠩᠰᠢᠯᠭ᠎ᠠ ᠶᠢᠨ ᠦᠷ᠎ᠡ ᠲᠠᠷᠢᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ | ᠰᠠᠨᠠᠭᠠᠴᠢᠯᠠᠭ᠎ᠠ ᠠᠴᠠ ᠪᠠᠨ ᠲᠠᠯ᠎ᠠ ᠨᠤᠲᠤᠭ ᠤᠨ ᠨᠣᠮ ᠤᠨ ᠥᠷᠥᠭᠡ ᠳᠤ ᠣᠷᠣᠵᠤ᠂ ᠨᠣᠮ ᠤᠩᠰᠢᠬᠤ ᠳᠤᠷᠠᠲᠠᠢ | ᠪᠣᠯᠭᠠᠵᠤ᠂ ᠡᠭᠦᠨ ᠤ ᠤᠯᠠᠮ ᠢᠶᠠᠷ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠣᠷᠴᠢᠨ ᠲᠣᠭᠤᠷᠢᠨ ᠪᠣᠢ ᠪᠣᠯᠭᠠᠵᠤ᠂ | ᠵᠢᠨᠱᠠᠨ ᠪᠠᠯᠭᠠᠰᠤᠨ ᠤ ᠰᠣᠶᠣᠯ ᠤᠨ ᠬᠥᠭᠵᠢᠯ ᠮᠠᠨᠳᠤᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ | |