ᠵᠢᠨᠱᠠᠨ ᠪᠠᠯᠭᠠᠰᠤᠨ ᠤ ᠹᠧᠩ ᠸᠠᠨ ᠡᠷᠳᠡᠨᠢ ᠰᠢᠰᠢ ᠶᠢ ᠬᠠᠲᠠᠭᠠᠵᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠢ 2022 ᠣᠨ ᠳᠤ ᠪᠠᠶᠢᠭᠤᠯᠵᠤ᠂ 492 ᠲᠦᠮᠡᠨ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠲᠤᠰ ᠰᠠᠭᠤᠷᠢᠨ ᠭᠠᠵᠠᠷ ᠤᠨ ᠶᠡᠷᠦᠩᠬᠡᠢ ᠲᠠᠯᠠᠪᠠᠢ ᠨᠢ ᠪᠠᠷᠤᠭ 20000 | ᠲᠡᠭᠰᠢ ᠳᠥᠷᠪᠡᠯᠵᠢᠨ ᠮᠸᠲᠷ ᠪᠠᠶᠢᠵᠤ᠂ 1 ᠲᠦᠮᠡᠨ ᠲᠣᠨ ᠪᠠᠷᠢᠮᠵᠢᠶᠠᠵᠢᠭᠤᠯᠤᠭᠰᠠᠨ ᠬᠠᠳᠠᠭᠠᠯᠠᠬᠤ | ᠬᠥᠮᠥᠷᠭᠡ᠂ 150 ᠲᠣᠨ ᠬᠠᠲᠠᠭᠠᠬᠤ ᠰᠤᠪᠤᠷᠭ᠎ᠠ᠂ 120 ᠲᠣᠨ ᠭᠠᠵᠠᠷ ᠤᠨ ᠵᠢᠩᠯᠡᠭᠦᠷ᠂ 5 ᠲᠠᠰᠤᠯᠭ᠎ᠠ | ᠠᠵᠢᠯᠯᠠᠬᠤ ᠭᠡᠷ ᠪᠠᠶᠢᠭᠤᠯᠵᠤ᠂ ᠲᠣᠭᠤᠭᠠᠨ ᠭᠡᠷ ᠤᠨ ᠬᠤᠭᠤᠯᠠᠨ ᠭᠡᠷ ᠪᠦᠷᠢᠨ ᠭᠦᠢᠴᠡᠳ ᠪᠠᠶᠢᠵᠤ᠂ ᠬᠦᠷᠢᠶ᠎ᠡ | ᠬᠠᠰᠢᠶ᠎ᠠ ᠶᠢ ᠬᠠᠲᠠᠭᠤᠷᠠᠭᠤᠯᠪᠠ᠃ ᠵᠠᠬ᠎ᠠ ᠳᠡᠯᠭᠡᠭᠦᠷ ᠤᠨ ᠨᠥᠯᠥᠭᠡ ᠠᠴᠠ ᠪᠣᠯᠵᠤ᠂ ᠡᠷᠳᠡᠨᠢ ᠰᠢᠰᠢ ᠶᠢᠨ ᠦᠨ᠎ᠡ | ᠬᠠᠩᠰᠢ ᠦᠷᠭᠦᠯᠵᠢᠯᠡᠨ ᠳᠣᠣᠷ᠎ᠠ ᠪᠣᠯᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠪᠠᠶᠢᠭᠤᠯᠵᠤ | ᠳᠠᠭᠤᠰᠤᠭᠰᠠᠨ ᠤ ᠳᠠᠷᠠᠭ᠎ᠠ ᠠᠰᠢᠭᠯᠠᠯᠲᠠ ᠳᠤ ᠣᠷᠣᠭᠤᠯᠤᠭᠰᠠᠨ ᠦᠭᠡᠢ ᠪᠠᠶᠢᠵᠤ᠂ ᠰᠤᠯᠠ ᠪᠠᠶᠢᠬᠤ ᠪᠠᠶᠢᠳᠠᠯ | ᠣᠷᠣᠰᠢᠵᠤ ᠪᠠᠶᠢᠨ᠎ᠠ᠃ | ᠣᠶᠢᠷ᠎ᠠ ᠶᠢᠨ ᠵᠢᠯ ᠠᠴᠠ᠂ ᠵᠢᠨᠱᠠᠨ ᠪᠠᠯᠭᠠᠰᠤᠨ ᠤ ᠨᠠᠮ ᠤᠨ ᠬᠤᠷᠢᠶ᠎ᠡ ᠠᠴᠠ ᠰᠤᠯᠠ ᠪᠠᠶᠢᠭ᠎ᠠ ᠡᠬᠢ ᠪᠠᠶᠠᠯᠢᠭ ᠢ | ᠠᠮᠢᠳᠤᠯᠢᠭ ᠪᠣᠯᠭᠠᠬᠤ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ | ᠵᠠᠳᠠᠯᠠᠬᠤ ᠰᠡᠳᠬᠢᠬᠦᠢ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠬ᠎ᠠ ᠳᠡᠯᠭᠡᠭᠦᠷ ᠲᠤ | ᠢᠳᠡᠪᠬᠢᠲᠡᠢ ᠬᠠᠨᠳᠤᠵᠤ᠂ ᠶᠡᠭᠡ ᠬᠡᠪᠴᠢᠶ᠎ᠡ᠂ ᠥᠷᠭᠡᠨ ᠬᠡᠪᠴᠢᠶᠡᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠥᠷᠨᠢᠭᠦᠯᠵᠦ᠂ ᠤᠷᠢᠳ ᠬᠤᠵᠢᠳ ᠪᠤᠭᠤᠲᠤ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ | ᠬᠤᠯᠪᠣᠭᠠᠲᠤ ᠬᠤᠷᠠᠯ᠂ ᠵᠥᠩ ᠯᠢᠶᠠᠩ ᠪᠦᠯᠦᠭᠯᠡᠯ᠂ ᠥᠪᠥᠷ ᠮᠣᠩᠭᠤᠯ ᠤᠨ ᠴᠢ ᠱᠢ ᠰᠦ ᠶᠢᠨ ᠦᠢᠯᠡᠰ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠧᠢ ᠵᠢᠶᠠ ᠠᠮᠤ ᠪᠤᠳᠠᠭ᠎ᠠ ᠬᠤᠳᠠᠯᠳᠤᠨ ᠠᠪᠬᠤ ᠪᠠ | ᠪᠣᠷᠣᠯᠠᠭᠤᠯᠬᠤ ᠬᠢᠵᠠᠭᠠᠷᠲᠤ ᠺᠣᠮᠫᠠᠨᠢ ᠵᠡᠷᠭᠡ ᠠᠷᠪᠠ ᠭᠠᠷᠤᠢ ᠠᠵᠤ ᠠᠬᠤᠶᠢᠯᠠᠯ ᠲᠠᠢ ᠵᠥᠪᠳᠡᠯᠴᠡᠵᠦ᠂ ᠤᠷᠢᠳ ᠢᠶᠠᠷ | ᠥᠪᠥᠷ ᠮᠣᠩᠭᠤᠯ ᠤᠨ ᠪᠧᠢ ᠵᠢᠶᠠ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠢᠵᠠᠭᠠᠷᠲᠤ ᠺᠣᠮᠫᠠᠨᠢ | ᠲᠦᠷᠢᠶᠡᠰᠦᠯᠡᠬᠦ ᠵᠠᠭᠪᠤᠷ ᠢᠶᠠᠷ ᠡᠬᠢᠯᠡᠨ ᠠᠵᠢᠯᠯᠠᠬᠤ ᠪᠠᠷ ᠲᠥᠯᠥᠪᠯᠡᠨ ᠲᠣᠭᠲᠠᠭᠠᠵᠠᠢ᠂ ᠲᠤᠰ ᠠᠵᠤ ᠠᠬᠤᠶᠢᠯᠠᠯ ᠤᠨ | ᠲᠦᠷᠢᠶᠡᠰᠦᠯᠡᠬᠦ ᠪᠡᠯᠡ ᠮᠥᠩᠭᠦ ᠶᠢ ᠴᠦ ᠪᠣᠳᠠᠲᠠᠶᠢᠵᠢᠭᠤᠯᠵᠤ ᠳᠡᠶᠢᠯᠦᠭᠰᠡᠨ ᠦᠭᠡᠢ᠂ ᠣᠳᠣᠬᠢ ᠪᠠᠶᠢᠳᠠᠯ ᠳᠤ | ᠴᠢᠭᠯᠡᠭᠦᠯᠦᠨ᠂ ᠵᠣᠷᠢᠭᠲᠠᠢ ᠪᠠᠷ ᠭᠠᠷᠳᠠᠵᠤ᠂ ᠨᠥᠭᠦᠭᠡ ᠡᠲᠡᠭᠡᠳ ᠯᠦᠭᠡ ᠵᠥᠪᠳᠡᠯᠴᠡᠵᠦ ᠪᠠᠶᠢᠭᠠᠳ ᠲᠦᠷᠢᠶᠡᠰᠦᠯᠡᠬᠦ | ᠭᠡᠷ᠎ᠡ ᠶᠢ ᠬᠦᠴᠦᠨ ᠦᠭᠡᠢ ᠪᠣᠯᠭᠠᠪᠠ᠃ ᠦᠵᠡᠯ ᠰᠠᠨᠠᠭ᠎ᠠ ᠪᠠᠨ ᠴᠢᠯᠥᠭᠡᠯᠡᠨ᠂ ᠠᠵᠢᠯ ᠤᠨ ᠰᠡᠳᠬᠢᠴᠡ ᠪᠠᠨ | ᠰᠢᠨᠡᠴᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠲᠣᠰᠬᠤᠨ ᠤ | ᠬᠠᠮᠲᠤ ᠶᠢᠨ ᠠᠵᠤ ᠠᠬᠤᠢ ᠲᠠᠢ ᠬᠤᠯᠪᠣᠭᠳᠠᠭᠤᠯᠵᠤ᠂ ᠰᠧᠴᠤᠸᠠᠨ ᠤ ᠶᠢᠨ ᠴᠧᠩ ᠶᠤᠸᠠᠨ ᠠᠮᠤ ᠲᠣᠰᠣᠨ ᠤ | ᠬᠢᠵᠠᠭᠠᠷᠲᠤ ᠺᠣᠮᠫᠠᠨᠢ ᠪᠣᠯᠤᠨ ᠪᠠᠯᠭᠠᠰᠤᠨ ᠤ ᠵᠠᠰᠠᠭ ᠤᠨ ᠣᠷᠳᠣᠨ ᠤ ᠳᠠᠭᠠᠭᠤᠯᠤᠨ ᠡᠷᠬᠢᠯᠡᠭᠰᠡᠨ ᠥᠪᠥᠷ | ᠮᠣᠩᠭᠤᠯ ᠤᠨ ᠭᠤᠪᠢ ᠶᠢᠨ ᠨᠠᠨ ᠵᠢᠶᠠ ᠾᠧ ᠠᠮᠤ ᠪᠤᠳᠠᠭᠠᠨ ᠤ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ | ᠵᠢᠴᠢ ᠪᠠᠯᠭᠠᠰᠤᠨ ᠤ ᠵᠠᠰᠠᠭ ᠤᠨ ᠣᠷᠳᠣᠨ᠂ ᠲᠣᠰᠬᠤᠨ ᠤ ᠠᠷᠠᠳ ᠤᠨ ᠵᠥᠪᠯᠡᠯ ᠤᠨ ᠳᠥᠷᠪᠡᠨ ᠲᠠᠯ᠎ᠠ 11 | ᠰᠠᠷ᠎ᠠ ᠶᠢᠨ 6 ᠤ ᠡᠳᠦᠷ ᠬᠠᠮᠲᠤᠷᠠᠯᠴᠠᠭᠠᠨ ᠤ ᠭᠡᠷ᠎ᠡ ᠲᠣᠭᠲᠠᠵᠤ᠂ ᠣᠳᠣᠬᠠᠨ ᠳᠤ ᠡᠷᠳᠡᠨᠢ ᠰᠢᠰᠢ ᠬᠤᠳᠠᠯᠳᠤᠨ | ᠠᠪᠬᠤ ᠠᠵᠢᠯ ᠤᠷᠤᠭᠰᠢᠲᠠᠢ ᠶᠠᠪᠤᠭᠳᠠᠵᠤ᠂ ᠵᠢᠱᠢᠯᠲᠡ ᠪᠠᠷ 2024 ᠣᠨ ᠳᠤ 1 ᠲᠦᠮᠡᠨ ᠲᠣᠨ ᠢ ᠳᠠᠪᠠᠵᠤ᠂ | ᠡᠵᠡᠩᠨᠡᠯᠲᠡ ᠶᠢᠨ ᠴᠢᠨᠠᠷᠲᠠᠢ ᠣᠷᠣᠯᠭ᠎ᠠ 2000 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠬᠠᠮᠲᠤ ᠶᠢᠨ | ᠠᠵᠤ ᠠᠬᠤᠢ ᠦᠨᠡᠨᠬᠦ ᠣᠷᠣᠯᠭ᠎ᠠ ᠲᠠᠢ ᠪᠣᠯᠵᠤ᠂ ᠰᠤᠯᠠ ᠪᠠᠶᠢᠬᠤ ᠬᠠᠲᠠᠭᠠᠵᠤ ᠬᠥᠮᠥᠷᠭᠡᠯᠡᠨ ᠬᠠᠳᠠᠭᠠᠯᠠᠬᠤ | ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠣᠯᠵᠣ᠂ ᠣᠳᠣ ᠵᠢᠨᠱᠠᠨ ᠪᠠᠯᠭᠠᠰᠤ ᠶᠢᠨ ᠰᠢᠨ᠎ᠡ ᠦᠵᠡᠮᠵᠢ ᠶᠢᠨ | ᠣᠷᠣᠨ ᠪᠣᠯᠵᠠᠢ᠃ | |