ᠨᠠᠮ ᠪᠠᠶᠢᠭᠤᠯᠤᠭᠳᠠᠭᠰᠠᠨ ᠵᠣᠬᠢᠶᠠᠯ
ᠨᠡᠶᠢᠲᠡᠯᠡᠭᠰᠡᠨ ᠴᠠᠭ᠄
2024/12/27
     2024 ᠣᠨ ᠳᠤ᠂ ᠰᠢ ᠳ᠋ᠧᠦ ᠫᠦ᠋ ᠪᠠᠯᠭᠠᠰᠤ ᠬᠥᠭᠵᠢᠯᠲᠡ ᠶᠢᠨ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠢᠯᠯᠠᠭᠠᠨ ᠤ ᠵᠦᠭᠯᠡᠭᠦᠷ ᠪᠣᠯᠭᠠᠵᠤ᠂ ᠡᠯ᠎ᠡ ᠵᠦᠢᠯ ᠤᠨ ᠠᠵᠢᠯ ᠤᠨ ᠲᠦᠷᠭᠡᠨ ᠬᠥᠭᠵᠢᠯᠲᠡ ᠶᠢ ᠲᠠᠰᠤᠷᠠᠯᠲᠠ ᠦᠭᠡᠢ ᠭᠦᠨᠵᠡᠭᠡᠢ ᠠᠬᠢᠭᠤᠯᠪᠠ᠃ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠳ᠋ᠧᠦ ᠫᠦ᠋ ᠪᠠᠯᠭᠠᠰᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠪᠦᠬᠦ ᠪᠠᠯᠭᠠᠰᠤᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠡᠷᠡᠯᠬᠡᠭᠯᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠴᠥᠮ ᠢᠯᠡᠳᠲᠡ ᠦᠷ᠎ᠡ ᠪᠦᠲᠦᠮᠵᠢ ᠣᠯᠵᠠᠢ᠃ ᠡᠨᠡ ᠵᠢᠯ ᠤᠨ ᠡᠴᠦᠰ ᠤᠨ ᠲᠠᠰᠢᠷᠠᠮ ᠳᠤ᠂ ︽ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ︽2024 ᠣᠨ ᠤ ᠠᠵᠢᠯ ᠤᠨ ᠡᠷᠭᠢᠴᠡᠭᠦᠯᠦᠯ︾ ᠤᠨ ᠲᠤᠰᠬᠠᠢ ᠰᠡᠳᠦᠪᠲᠦ ᠰᠢᠷᠢᠰ ᠠᠵᠢᠯᠯᠠᠭ᠎ᠠ ᠶᠢ ᠣᠨᠴᠠᠭᠠᠶᠢᠯᠠᠨ ᠲᠣᠭᠲᠠᠭᠠᠵᠤ᠂ 2024 ᠣᠨ ᠤ ᠰᠢ ᠳ᠋ᠧᠦ ᠫᠦ᠋ ᠪᠠᠯᠭᠠᠰᠤᠨ ᠤ ᠡᠯ᠎ᠡ ᠲᠠᠯ᠎ᠠ ᠶᠢᠨ ᠠᠵᠢᠯ ᠤᠨ ᠳᠤᠮᠳᠠ ᠣᠯᠤᠭᠰᠠᠨ ᠭᠢᠯᠠᠰ ᠴᠡᠭ ᠪᠠ ᠠᠮᠵᠢᠯᠲᠠ ᠶᠢ ᠪᠦᠬᠦ ᠲᠠᠯ᠎ᠠ ᠪᠠᠷ᠂ ᠣᠯᠠᠨ ᠲᠠᠯ᠎ᠠ ᠠᠴᠠ ᠡᠷᠭᠢᠴᠡᠭᠦᠯᠦᠨ᠎ᠡ᠃ ᠥᠩᠭᠡᠷᠡᠭᠰᠡᠨ ᠨᠢᠭᠡ ᠵᠢᠯ ᠤᠨ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠬᠦ ᠪᠠᠷ ᠳᠠᠮᠵᠢᠨ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠦᠴᠦᠨ ᠢ ᠤᠯᠠᠮ ᠴᠢᠨᠠᠭᠰᠢᠳᠠ ᠨᠢᠭᠲᠠᠷᠠᠭᠤᠯᠵᠤ᠂ ᠨᠡᠩ ᠭᠦᠨ ᠵᠤᠵᠠᠭᠠᠨ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠣᠢ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠰᠢᠨ᠎ᠡ ᠨᠢᠭᠡ ᠵᠢᠯ ᠳᠤ ᠦᠷᠭᠦᠯᠵᠢᠯᠡᠨ ᠲᠡᠮᠡᠴᠡᠬᠦ ᠶᠢ ᠵᠣᠷᠢᠭᠵᠢᠭᠤᠯᠵᠤ᠂ ᠰᠢ ᠳ᠋ᠧᠦ ᠫᠦ᠋ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃    ᠪᠣᠳᠠᠲᠠᠢ ᠦᠷ᠎ᠡ ᠪᠦᠲᠦᠮᠵᠢ ᠪᠠᠷ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ    ᠡᠨᠡ ᠵᠢᠯ ᠠᠴᠠ ᠨᠠᠰᠢ᠂ ᠰᠢ ᠳ᠋ᠧᠦ ᠫᠦ᠋ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠤᠱᠯᠠᠭᠤᠯᠵᠤ᠂ ᠬᠤᠲᠠ᠂ ᠰᠢᠶᠠᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠶᠡᠭᠡ ᠲᠠᠯ᠎ᠠ ᠳᠤ ᠦᠢᠯᠡᠴᠢᠯᠡᠵᠦ᠂ ᠣᠨᠣᠯ ᠢᠶᠠᠷ ᠵᠡᠪᠰᠡᠭᠯᠡᠬᠦ᠂ ᠡᠷᠳᠡᠮᠲᠡᠨ ᠴᠢᠳᠠᠪᠤᠷᠢᠲᠠᠨ ᠢ ᠰᠣᠩᠭᠤᠬᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠵᠦ ᠴᠢᠳᠠᠪᠤᠷᠢᠲᠠᠨ ᠢ ᠴᠤᠭᠯᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢ ᠳ᠋ᠧᠦ ᠫᠦᠰᠡ ᠶᠢᠨ ᠰᠢᠨ᠎ᠡ ᠦᠢᠯᠡᠳᠦᠯᠭᠡ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃    ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠰᠠᠭᠤᠷᠢ ᠶᠢ ᠪᠠᠲᠤ ᠴᠣᠭᠴᠠᠯᠠᠶ᠎ᠠ    ᠢᠮᠠᠭᠲᠠ ︽ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠳᠠᠶᠢᠴᠢᠯᠠᠬᠤ᠂ ᠬᠤᠰᠢᠭᠤᠴᠢ ᠶᠢ ᠪᠣᠢ ᠪᠣᠯᠭᠠᠬᠤ᠂ ᠪᠠᠬᠢᠯᠡᠯᠲᠡ ᠶᠢ ᠪᠠᠬᠢᠵᠢᠭᠦᠯᠬᠦ︾ ᠪᠠᠷ ᠬᠥᠲᠥᠯᠪᠦᠷᠢ ᠪᠣᠯᠭᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠤᠯᠴᠠᠬᠤ ᠬᠡᠯᠪᠡᠷᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠃ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠨᠢᠭᠡᠳᠦᠭᠡᠷ ᠵᠥᠪᠯᠡᠬᠦ ᠰᠡᠳᠦᠪ︾᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠡᠷᠭᠡ ᠰᠤᠷᠤᠯᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 13 ᠤᠳᠠᠭᠠᠨ ᠤ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠰᠡᠳᠬᠢᠬᠦᠢ ᠪᠠᠨ ᠵᠠᠳᠠᠯᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃    ᠡᠷᠳᠡᠮᠲᠡᠨ ᠴᠢᠳᠠᠪᠤᠷᠢᠲᠠᠨ ᠢ ᠰᠣᠩᠭᠤᠵᠤ ᠪᠠᠶᠢᠭᠠᠳ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠢ    ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠣᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠪᠤᠢ ᠪᠣᠯᠭᠠᠨ᠎ᠠ᠃ ᠬᠡᠷᠡᠭ ᠮᠡᠳᠡᠭᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠪᠠᠯᠭᠠᠰᠤ᠂ ᠲᠣᠰᠬᠤᠨ ᠳᠤ ᠭᠦᠨᠵᠡᠭᠡᠶᠢᠷᠡᠨ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠪᠣᠯᠤᠨ ᠵᠠᠯᠠᠭᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠰᠢᠯᠢᠳᠡᠭ ᠺᠠᠳ᠋ᠷ ᠢ ᠢᠯᠭᠠᠨ ᠲᠣᠳᠣᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠪᠡ᠃ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠶᠢ ᠴᠢᠬᠤᠯᠠᠴᠢᠯᠠᠵᠤ᠂ ᠰᠤᠷᠤᠯᠭ᠎ᠠ ᠶᠢᠨ ᠨᠠᠮᠲᠠᠷ ᠢ ᠡᠷᠬᠢᠮᠯᠡᠬᠦ ᠦᠭᠡᠢ᠂ ᠨᠠᠰᠤ ᠵᠢᠯ ᠢ ᠡᠷᠬᠢᠮᠯᠡᠬᠦ ᠦᠭᠡᠢ᠂ ᠬᠢᠷᠢ ᠭᠡᠮ ᠤᠨ ᠣᠨᠣᠯ ᠢ ᠡᠷᠬᠢᠮᠯᠡᠬᠦ ᠦᠭᠡᠢ᠂ ︽ᠬᠢᠬᠦ ᠳᠤ ᠲᠦᠰᠢᠭᠯᠡᠬᠦ ᠠᠴᠠ ᠪᠢᠰᠢ ᠬᠢᠬᠦ ᠦᠭᠡᠢ ᠪᠣᠯ ᠬᠢᠬᠦ ᠦᠭᠡᠢ᠂ ᠴᠢᠷᠮᠠᠶᠢᠯᠭ᠎ᠠ ᠳᠤ ᠲᠦᠰᠢᠭᠯᠡᠬᠦ ᠠᠴᠠ ᠪᠢᠰᠢ ᠬᠠᠷᠢᠴᠠᠭ᠎ᠠ ᠳᠤ ᠲᠦᠰᠢᠭᠯᠡᠬᠦ ᠦᠭᠡᠢ︾ ᠪᠠᠶᠢᠬᠤ ᠶᠢ ᠪᠠᠷᠢᠮᠲᠠᠯᠠᠵᠤ᠂ ︽ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠳᠡᠶᠢᠯᠬᠦ᠂ ᠴᠢᠳᠠᠪᠤᠷᠢ ᠲᠠᠢ ᠪᠠᠶᠢᠬᠤ︾ ᠡᠮᠦᠨ᠎ᠡ ᠹᠷᠣᠨᠲ ᠤᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠪᠦᠬᠦ ᠵᠢᠯ ᠳᠤ ᠵᠠᠯᠠᠭᠤ ᠪᠠᠯᠭᠠᠰᠤᠨ ᠤ ᠺᠠᠳ᠋ᠷ ᠢ ᠴᠢᠬᠤᠯᠠ ᠭᠤᠭᠴᠤᠭ᠎ᠠ᠂ ᠴᠢᠬᠤᠯᠠ ᠠᠵᠢᠯ ᠤᠨ ᠪᠠᠶᠢᠷᠢ ᠳᠤ ᠳᠡᠪᠰᠢᠭᠦᠯᠦᠨ ᠲᠤᠰᠢᠶᠠᠯ ᠡᠭᠦᠷᠭᠡᠯᠡᠭᠦᠯᠪᠡ︔ ︽ᠭᠠᠯᠠᠭᠤ ᠶᠢᠨ ᠵᠢᠭᠰᠠᠭᠠᠯ ᠢ ᠪᠤᠶᠢᠵᠢᠭᠤᠯᠬᠤ︾ ᠶᠢ ᠬᠡᠷᠡᠭᠵᠢᠭᠦᠯᠵᠦ᠂ ᠲᠣᠰᠬᠤᠨ ᠤ ᠨᠠᠮ ᠤᠨ ᠡᠭᠦᠷ ᠤᠨ ᠱᠦᠵᠢ ᠶᠢᠨ ︽ᠲᠦᠷᠦᠭᠦᠴᠢ ᠭᠠᠯᠠᠭᠤ︾ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ 15 ᠲᠣᠰᠬᠤᠨ ᠤ ᠨᠠᠮ ᠤᠨ ᠡᠭᠦᠷ ᠤᠨ ᠱᠦᠵᠢ ᠶᠢᠨ ᠪᠡᠯᠡᠳᠬᠡᠯ ︽ᠬᠦᠴᠦᠷᠬᠡᠭ ᠭᠠᠯᠠᠭᠤ︾ ᠪᠠ 14 ᠬᠥᠬᠡ ᠴᠢᠬᠢ ᠶᠢᠨ ᠣᠶᠤᠲᠠᠨ ︽ᠠᠩᠬᠠᠨ ᠤ ᠭᠠᠯᠠᠭᠤ ︾ ᠶᠢ ᠬᠥᠮᠦᠵᠢᠭᠦᠯᠬᠦ ᠪᠦᠲᠦᠴᠡ ᠳᠤ ᠠᠭᠤᠰᠤᠨ ᠣᠷᠣᠪᠠ᠃    ᠨᠠᠮ ᠪᠠ ᠣᠯᠠᠨ ᠲᠦᠮᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠡᠭᠦᠷᠭᠡᠯᠡᠬᠦ ᠦᠢᠯᠡᠰ ᠢ ᠠᠬᠢᠭᠤᠯᠬᠤ ᠶᠢ ᠴᠢᠩᠭᠠᠳᠬᠠᠨ᠎ᠠ    ᠰᠢ ᠳ᠋ᠧᠦ ᠫᠦ᠋ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠦᠯᠬᠦᠮ︾ ᠨᠢ ᠢᠮᠠᠭᠲᠠ ︽ᠨᠠᠮ ᠤᠨ ᠪᠠᠶᠢᠳᠠᠯ ᠢ ᠣᠶᠢᠯᠠᠭᠠᠬᠤ᠂ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠵᠣᠪᠠᠨᠢᠯ ᠢ ᠠᠷᠢᠯᠭᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠰᠢᠨ᠎ᠡ ᠬᠥᠳᠡᠯᠭᠡᠬᠦ ᠬᠦᠴᠦᠨ ᠳᠤ ᠦᠢᠯᠡᠴᠢᠯᠡᠬᠦ ᠪᠣᠯᠤᠨ᠎ᠠ᠃ ︽ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠥᠷᠥ ᠶᠢᠨ ᠵᠥᠪᠯᠡᠯᠭᠡᠨ︾ ᠤ ᠬᠢᠨᠠᠯᠲᠠ ᠲᠠᠯᠪᠢᠬᠤ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠵᠠᠳᠠᠯᠬᠤ ᠰᠡᠳᠬᠢᠬᠦᠢ ᠶᠢ ᠪᠠᠷᠢᠮᠲᠠᠯᠠᠨ᠂ ︽ᠶᠠᠪᠤᠬᠤ᠂ ᠰᠤᠷᠪᠤᠯᠵᠢᠯᠠᠬᠤ᠂ ᠰᠢᠢᠳᠪᠦᠷᠢᠯᠡᠬᠦ᠂ ᠠᠬᠢᠭᠤᠯᠬᠤ︾ ᠠᠵᠢᠯ ᠤᠨ ᠰᠡᠳᠬᠢᠮᠵᠢ ᠶᠢ ᠦᠢᠯᠡᠳᠦᠯᠭᠡᠵᠢᠭᠦᠯᠵᠦ᠂ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ︽ᠶᠡᠭᠡ ᠬᠢᠨᠠᠯᠲᠠ ᠲᠠᠯᠪᠢᠬᠤ︾ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ᠂ ᠰᠠᠨᠠᠯ ᠰᠣᠨᠣᠰᠬᠤ᠂ ᠵᠢᠭᠤᠷᠠᠯᠳᠤᠭᠠᠨ ᠢ ᠰᠢᠢᠳᠪᠦᠷᠢᠯᠡᠬᠦ᠂ ᠳᠠᠯᠳᠠ ᠭᠡᠮ ᠢ ᠠᠷᠢᠯᠭᠠᠬᠤ ᠦᠢᠯᠡᠴᠢᠯᠡᠭᠡᠨ ᠤ ᠣᠶᠢᠯᠠᠭᠠᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠭᠡᠷᠡᠴᠢᠯᠡᠯ ᠤᠨ ᠦᠢᠯᠡᠴᠢᠯᠡᠭᠡ ᠬᠠᠩᠭᠠᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠬᠤ ᠵᠡᠷᠭᠡ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠲᠠᠰᠤᠷᠠᠯᠲᠠ ᠦᠭᠡᠢ ᠪᠠᠬᠢᠵᠢᠭᠦᠯᠵᠦ᠂ ᠠᠷᠠᠳ ᠤᠨ ᠲᠥᠯᠥᠭᠡ ᠵᠣᠪᠠᠨᠢᠯ ᠢ ᠰᠢᠢᠳᠪᠦᠷᠢᠯᠡᠬᠦ ︽ᠳᠣᠲᠣᠨᠣ ᠬᠥᠮᠦᠨ︾ ᠪᠣᠯᠬᠤ ᠬᠡᠷᠡᠭᠲᠡᠢ᠃ ᠡᠨᠡ ᠠᠵᠢᠯ ᠤᠨ ᠵᠠᠭᠪᠤᠷ ᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠶᠡᠭᠡ ᠪᠠᠷ ᠳᠡᠯᠭᠡᠷᠡᠭᠦᠯᠵᠦ᠃    ᠦᠨᠳᠦᠰᠦ ᠪᠠᠨ ᠪᠠᠳᠤᠳᠬᠠᠬᠤ ᠶᠢ ᠪᠠᠷᠢᠮᠲᠠᠯᠠᠵᠤ ᠦᠨᠳᠦᠰᠦᠨ ᠱᠠᠲᠤᠨ ᠤ ᠵᠠᠰᠠᠯᠲᠠ ᠶᠢᠨ ᠪᠠᠶᠢᠳᠠᠯ ᠢ ᠴᠢᠩᠭᠠᠳᠬᠠᠶ᠎ᠠ    ᠨᠠᠮ ᠤᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠬᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠣᠢ ᠰᠢᠭᠤᠢ ᠶᠢᠨ ᠳᠠᠷᠤᠭ᠎ᠠ ᠶᠢᠨ ᠳᠦᠷᠢᠮ ᠪᠣᠯᠤᠨ ᠵᠠᠮ ᠤᠨ ᠳᠠᠷᠤᠭ᠎ᠠ ᠶᠢᠨ ᠳᠦᠷᠢᠮ ᠤᠨ ᠠᠵᠢᠯ ᠢ ᠦᠨᠡᠨ ᠬᠦ ᠰᠠᠶᠢᠲᠤᠷ ᠬᠢᠵᠦ᠂ ︽ᠨᠢᠭᠡ ᠶᠠᠪᠤᠳᠠᠯ ᠢ ᠨᠢᠭᠡ ᠵᠥᠪᠯᠡᠬᠦ︾ ᠲᠥᠷᠥᠯ ᠵᠦᠢᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠦᠳᠡᠯᠭᠡᠭᠡᠨ ᠢ 4 ᠤᠳᠠᠭ᠎ᠠ ᠬᠢᠪᠡ᠃ ᠮᠧᠩ ᠰᠢ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ ᠶᠢᠨ 39 ᠺᠢᠯᠣᠸᠠᠲ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ ᠭᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠭᠠᠵᠠᠷ ᠰᠢᠷᠣᠢ ᠲᠠᠲᠠᠪᠤᠷᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃    ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠱᠠᠩᠨᠠᠨ ᠬᠥᠬᠢᠭᠦᠯᠬᠦ ᠡᠷᠴᠢᠮ ᠢ ᠴᠢᠩᠭᠠᠷᠠᠭᠤᠯᠵᠤ ᠂ ᠲᠣᠰᠬᠤᠨ ᠤ ᠨᠠᠮ ᠤᠨ ᠡᠭᠦᠷ ᠤᠨ ᠬᠠᠮᠲᠤ ᠶᠢᠨ ᠠᠵᠤ ᠠᠬᠤᠢ ᠶᠢ ᠰᠡᠳᠬᠢᠯ ᠲᠠᠯᠪᠢᠨ ᠬᠥᠭᠵᠢᠭᠦᠯᠬᠦ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠬᠥᠭᠵᠢᠭᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠬᠤᠩ ᠨᠢ ᠵᠢᠩ ᠵᠡᠷᠭᠡ 4 ᠲᠣᠰᠬᠤᠨ ᠤ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠡ  ᠴᠢᠩᠭ᠎ᠠ ᠠᠳᠬᠤᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠬᠥᠭᠵᠢᠯᠲᠡ ᠶᠢᠨ ᠬᠠᠨᠳᠤᠰᠢ ᠪᠠᠨ ᠳᠡᠭᠡᠭᠰᠢᠯᠡᠭᠦᠯᠵᠦ᠂ ᠨᠢᠭᠡᠨᠲᠡ ᠪᠠᠶᠢᠭ᠎ᠠ ᠪᠠᠭᠤᠳᠠᠯ᠂ ᠢᠰᠬᠦᠯᠡᠩ ᠨᠣᠭᠤᠭ᠎ᠠ ᠵᠡᠷᠭᠡ ᠲᠥᠷᠥᠯ ᠵᠦᠢᠯ ᠢ ᠰᠠᠶᠢᠲᠤᠷ ᠬᠢᠪᠡ᠃ ᠡᠨᠡ ᠵᠢᠯ 320.8 ᠲᠦᠮᠡᠨ ᠲᠥᠭᠦᠷᠢᠭ ᠤᠨ ᠪᠡᠯᠡ ᠣᠷᠣᠭᠤᠯᠵᠤ ᠯᠢᠦ ᠸᠧᠢ ᠬᠤᠤ ᠲᠣᠰᠬᠤᠨ ᠤ ᠠᠮᠤ ᠲᠣᠰᠣ ᠬᠥᠮᠥᠷᠭᠡᠯᠡᠨ ᠬᠠᠳᠠᠭᠠᠯᠠᠵᠤ ᠡᠳ᠋ᠰᠢᠭᠦᠯᠬᠦ ᠲᠥᠷᠥᠯ ᠵᠦᠢᠯ ᠢ ᠪᠠᠶᠢᠭᠤᠯᠵᠤ᠂ ᠬᠤᠶᠠᠷ ᠲᠣᠰᠬᠤᠨ ᠤ ᠬᠠᠮᠲᠤ ᠶᠢᠨ ᠠᠵᠤ ᠠᠬᠤᠶᠢᠯᠠᠯ ᠢ ᠰᠢᠨ᠎ᠡ ᠪᠠᠷ ᠳᠠᠩᠰᠠᠯᠠᠭᠤᠯᠪᠠ᠃ ᠰᠢ ᠳ᠋ᠧᠦ ᠫᠦ᠋ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ︽ᠭᠠᠭ᠋ᠠᠢ ᠶᠢᠨ ᠪᠠᠶᠠᠷ︾᠂ ︽ᠮᠢᠩᠭᠠᠨ ᠬᠥᠮᠦᠨ ᠤ ᠬᠤᠨᠴᠢᠷ ᠭᠠᠭ᠋ᠠᠢ ᠶᠢᠨ ᠳᠠᠶᠢᠯᠠᠯᠭ᠎ᠠ︾ ᠶᠢᠨ ᠠᠵᠢᠯᠯᠠᠭ᠎ᠠ ᠶᠢ ᠡᠷᠬᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠨᠡᠷᠡᠲᠦ ᠲᠡᠮᠳᠡᠭ ᠤᠨ ᠠᠯᠳᠠᠷᠰᠢᠯ᠂ ᠮᠡᠳᠡᠷᠡᠮᠵᠢ ᠶᠢᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ ᠣᠳᠣᠬᠠᠨ ᠪᠣᠯᠲᠠᠯ᠎ᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 1026.2 ᠲᠦᠮᠡᠨ ᠲᠥᠭᠦᠷᠢᠭ ᠲᠤ ᠬᠦᠷᠴᠦ᠂ ᠪᠦᠬᠦ ᠵᠢᠯ ᠤᠨ ᠡᠭᠦᠷᠭᠡ ᠶᠢᠨ 102.6% ᠶᠢ ᠪᠡᠶᠡᠯᠡᠭᠦᠯᠪᠡ᠃    ᠳᠠᠪᠠᠯᠭᠠᠨ ᠢ ᠵᠦᠰᠦᠨ ᠤᠷᠤᠭᠰᠢᠯᠠᠬᠤ ᠠᠴᠠ ᠪᠠᠨ ᠡᠮᠦᠨ᠎ᠡ ᠡᠷᠴᠢ ᠵᠣᠷᠢᠭ ᠢᠶᠠᠨ ᠬᠥᠪᠴᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠳᠠᠷᠪᠠᠭᠤᠯ ᠬᠡᠶᠢᠰᠬᠡᠨ ᠰᠢᠨ᠎ᠡ ᠠᠶᠠᠨ ᠢᠶᠠᠨ ᠡᠬᠢᠯᠡᠭᠦᠯᠪᠡ᠃ 2025 ᠣᠨ ᠳᠤ᠂ ᠰᠢ ᠳ᠋ᠧᠦ ᠫᠦ᠋ ᠪᠠᠯᠭᠠᠰᠤ ᠶᠢᠨ ᠬᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯᠤᠨ ᠪᠥᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠶᠢ ᠲᠣᠭᠲᠠᠭᠠᠵᠤ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠵᠤ᠂ ᠰᠢ ᠳ᠋ᠧᠦ ᠫᠦ᠋ ᠪᠠᠯᠭᠠᠰᠤ ᠶᠢᠨ ᠰᠢᠨᠡᠴᠢᠯᠡᠭᠰᠡᠨ᠂ ᠨᠡᠩ ᠰᠠᠶᠢᠬᠠᠨ᠂ ᠨᠡᠩ ᠰᠠᠶᠢᠨ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠨ᠎ᠡ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号