12 ᠰᠠᠷ᠎ᠠ ᠶᠢᠨ 25 ᠤ ᠡᠳᠦᠷ᠂ ᠶᠢᠨ ᠬᠤᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠠᠮᠵᠢᠯᠲᠠ ᠲᠠᠢ ᠬᠤᠷᠠᠯᠳᠤᠵᠤ᠂ ᠪᠦᠬᠦ | ᠪᠠᠯᠭᠠᠰᠤᠨ ᠤ ᠡᠯ᠎ᠡ ᠹᠷᠣᠨᠲ ᠠᠴᠠ ᠢᠷᠡᠭᠰᠡᠨ 47 ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠤ᠂ ᠲᠤᠰ ᠬᠤᠭᠤᠴᠠᠭᠠᠨ ᠤ ᠪᠤᠰᠤ ᠲᠥᠯᠥᠭᠡᠯᠡᠭᠴᠢᠳ ᠤᠨ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ | ᠂ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ᠂ ᠪᠠᠯᠭᠠᠰᠤᠨ ᠳᠤ ᠰᠠᠭᠤᠭ᠎ᠠ ᠨᠢᠭᠡᠴᠢ ᠶᠢᠨ | ᠬᠠᠷᠢᠭᠤᠴᠠᠯᠭᠠᠲᠠᠨ ᠵᠢᠴᠢ ᠬᠡᠰᠡᠭ ᠥᠪᠡᠷᠲᠡᠭᠡᠨ ᠵᠠᠰᠠᠬᠤ ᠣᠷᠣᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠪᠠᠯᠭᠠᠰᠤᠨ ᠤ ᠳᠠᠷᠤᠭ᠎ᠠ ᠶᠠᠩ ᠳ᠋ᠧ ᠱᠦᠨ ᠨᠥᠬᠦᠷ ᠶᠢᠨ ᠬᠤᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | 2024 ᠣᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ᠄ 2024 ᠣᠨ ᠳᠤ᠂ ᠶᠢᠨ ᠬᠤᠤ ᠪᠠᠯᠭᠠᠰᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠠᠰᠠᠭ ᠤᠨ ᠣᠷᠳᠣᠨ ᠤ ᠡᠯ᠎ᠡ ᠵᠦᠢᠯ ᠤᠨ | ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠴᠢᠷᠮᠠᠶᠢᠨ ᠪᠡᠶᠡᠯᠡᠭᠦᠯᠵᠦ᠂ ᠪᠤᠭᠤᠲᠤ ᠳᠤ ᠲᠠᠯᠪᠢᠭᠰᠠᠨ | ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠪᠠᠲᠤ ᠪᠠᠬᠢ ᠪᠣᠢ ᠪᠣᠯᠭᠠᠵᠤ᠂ | ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠳᠣᠪᠤᠶᠢᠯᠭᠠᠵᠤ᠂ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠵᠦᠢᠯ ᠤᠨ ᠠᠵᠢᠯ ᠦᠢᠯᠡᠰ ᠲᠦᠷᠭᠡᠨ | ᠳᠠᠪᠰᠢᠯᠲᠠ ᠲᠠᠢ ᠪᠣᠯᠪᠠ᠃ ᠨᠢᠭᠡ ᠵᠢᠯ ᠤᠨ ᠲᠤᠷᠰᠢ᠂ ᠪᠢᠳᠡ ᠠᠵᠤ ᠦᠢᠯᠡᠰ ᠤᠨ ᠠᠭᠤᠰᠤᠯᠴᠠᠯ ᠢ ᠪᠠᠷᠢᠮᠲᠠᠯᠠᠵᠤ᠂ | ᠪᠠᠯᠭᠠᠰᠤᠨ ᠤ ᠠᠵᠤ ᠠᠬᠤᠢ ᠲᠣᠭᠲᠠᠭᠤᠨ ᠢᠶᠠᠷ ᠤᠷᠤᠭᠰᠢᠯᠠᠪᠠ᠃ ᠨᠢᠭᠡ ᠵᠢᠯ ᠤᠨ ᠲᠤᠷᠰᠢ᠂ ᠪᠢᠳᠡ ᠬᠥᠭᠵᠢᠯᠲᠡ ᠪᠠᠷ | ᠭᠤᠣᠯ ᠪᠣᠯᠭᠠᠬᠤ ᠶᠢ ᠪᠠᠷᠢᠮᠲᠠᠯᠠᠵᠤ᠂ ᠤᠷᠤᠭᠰᠢᠯᠠᠯᠲᠠ ᠶᠢᠨ ᠠᠯᠬᠤᠭ᠎ᠠ ᠪᠠᠲᠤ ᠴᠢᠩᠭ᠎ᠠ ᠬᠦᠴᠦᠲᠡᠢ ᠪᠠᠶᠢᠨ᠎ᠠ᠃ ᠨᠢᠭᠡ | ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ | ᠠᠩᠬᠠᠷᠴᠤ ᠪᠠᠶᠢᠭ᠎ᠠ ᠵᠦᠢᠯ ᠢ ᠴᠠᠭ ᠲᠤᠬᠠᠢ ᠳᠤᠨᠢ ᠴᠤᠤᠷᠢᠶᠠᠲᠤᠨ ᠳᠠᠭᠠᠪᠠ᠃ ᠨᠢᠭᠡ ᠵᠢᠯ ᠤᠨ ᠲᠤᠷᠰᠢ᠂ ᠪᠢᠳᠡ | ᠠᠷᠠᠳ ᠲᠦᠮᠡᠨ ᠢ ᠳᠡᠭᠡᠳᠦᠯᠡᠵᠦ᠂ ᠨᠡᠶᠢᠭᠡᠮ ᠤᠨ ᠵᠥᠷᠢᠴᠡᠯ ᠢ ᠪᠦᠲᠦᠮᠵᠢᠲᠡᠢ ᠰᠢᠢᠳᠪᠦᠷᠢᠯᠡᠪᠡ᠃ ᠨᠢᠭᠡ ᠵᠢᠯ ᠤᠨ | ᠲᠤᠷᠰᠢ᠂ ᠪᠢᠳᠡ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠦᠴᠦ ᠪᠠᠨ | ᠬᠠᠮᠲᠤᠳᠬᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠪᠠ᠃ ᠨᠢᠭᠡ ᠵᠢᠯ ᠤᠨ ᠲᠤᠷᠰᠢ᠂ ᠪᠢᠳᠡ | ᠡᠭᠦᠷᠭᠡ ᠲᠤᠰᠢᠶᠠᠯ ᠢᠶᠠᠨ ᠴᠢᠷᠮᠠᠶᠢᠨ ᠭᠦᠢᠴᠡᠳᠬᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ | ᠬᠤᠪᠢᠷᠠᠭᠤᠯᠬᠤ ᠶᠢ ᠲᠦᠷᠭᠡᠳᠬᠡᠪᠡ᠃ 2025 ᠣᠨ ᠤ ᠬᠠᠷᠠᠯᠲᠠ ᠡᠭᠦᠷᠭᠡ ᠪᠣᠯᠤᠨ ᠭᠤᠣᠯᠳᠠᠯᠭ᠎ᠠ ᠲᠠᠢ ᠠᠵᠢᠯ᠄ | 2025 ᠣᠨ ᠳᠤ᠂ ᠶᠢᠨ ᠬᠤᠤ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠰᠠᠶᠢᠲᠤᠷ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠶᠠᠨ ᠤ ᠨᠠᠮ ᠤᠨ | ᠬᠤᠷᠢᠶ᠎ᠡ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠲᠤ ᠡᠵᠡᠮᠳᠡᠵᠦ᠂ ︽ᠲᠠᠷᠢᠶᠠᠯᠠᠩ ᠵᠤᠭᠠᠴᠠᠯ ᠢ | ᠤᠶᠠᠯᠳᠤᠭᠤᠯᠵᠤ᠂ ᠲᠠᠷᠢᠶᠠᠯᠠᠩ ᠢᠶᠠᠷ ᠵᠤᠭᠠᠴᠠᠯ ᠢ ᠠᠬᠢᠭᠤᠯᠵᠤ᠂ ᠵᠤᠭᠠᠴᠠᠯ ᠢᠶᠠᠷ ᠲᠠᠷᠢᠶᠠᠯᠠᠩ ᠢ ᠬᠥᠭᠵᠢᠭᠦᠯᠬᠦ︾ | ᠬᠥᠭᠵᠢᠯᠲᠡ ᠶᠢᠨ ᠪᠠᠶᠢᠷᠢᠰᠢᠯ ᠶᠣᠰᠣᠭᠠᠷ᠂ ᠪᠠᠩᠬᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ᠃ ᠡᠭᠦᠨ ᠤ ᠲᠤᠯᠠᠳᠠ᠂ | ᠪᠢᠳᠡ ᠳᠣᠣᠷᠠᠬᠢ ᠲᠠᠪᠤᠨ ᠲᠠᠯ᠎ᠠ ᠶᠢ ᠲᠣᠪᠤᠶᠢᠮ᠎ᠠ ᠰᠠᠶᠢᠲᠤᠷ ᠠᠳᠬᠤᠨ᠎ᠠ᠄ ᠨᠢᠭᠡ ᠳᠤ ︽ᠭᠤᠷᠪᠠᠨ ᠬᠤᠷᠢᠭ᠎ᠠ | ᠱᠤᠭᠤᠮ︾ ᠢ ᠪᠠᠲᠤ ᠰᠠᠬᠢᠵᠤ᠂ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ᠃ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠠᠩ ᠶᠠᠩ ᠨᠥᠬᠦᠷ ᠶᠢᠨ | ᠬᠤᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠢ | ᠲᠥᠯᠥᠭᠡᠯᠡᠨ ᠶᠡᠭᠡ ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠠᠵᠢᠯ ᠤᠨ ᠮᠡᠳᠡᠭᠦᠯᠦᠯᠲᠡ ᠬᠢᠪᠡ᠃ 2024 ᠣᠨ ᠠᠴᠠ ᠨᠠᠰᠢ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠨᠢᠮᠪᠠᠢ ᠵᠢᠯᠣᠭᠤᠳᠣᠯᠭ᠎ᠠ ᠳᠣᠣᠷ᠎ᠠ᠂ | ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠪᠠᠯᠭᠠᠰᠤᠨ ᠤ ᠭᠤᠣᠯ ᠠᠵᠢᠯ ᠤᠨ ᠲᠣᠭᠤᠷᠢᠨ ᠳᠤ | ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ | ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠨᠢᠭᠡ ᠳᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠤᠶᠠᠷ | ᠲᠤ᠂ ᠭᠤᠣᠯ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠂ ᠭᠤᠷᠪᠠ ᠳᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠠᠭᠤᠷᠢ 2025 ᠣᠨ ᠤ ᠬᠠᠷᠠᠯᠲᠠ ᠡᠭᠦᠷᠭᠡ | ᠪᠠ ᠭᠤᠣᠯᠳᠠᠯᠭ᠎ᠠ ᠲᠠᠢ ᠠᠵᠢᠯ ᠢ ᠪᠠᠬᠢᠵᠢᠭᠦᠯᠦᠨ᠎ᠡ᠄ 2025 ᠣᠨ ᠳᠤ᠂ ᠶᠢᠨ ᠬᠤᠣ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠶᠡᠷᠦᠩᠬᠡᠢ ᠰᠡᠳᠬᠢᠴᠡ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠰᠢᠨ᠎ᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠢᠨ᠎ᠡ ᠲᠦᠪᠰᠢᠨ ᠳᠤ ᠬᠦᠷᠭᠡᠵᠦ᠂ | ᠪᠦᠯᠬᠦᠮᠳᠡᠯ ᠲᠠᠢ᠂ ᠡᠶ᠎ᠡ ᠵᠣᠬᠢᠴᠠᠩᠭᠤᠢ᠂ ᠲᠣᠭᠲᠠᠭᠤᠨ ᠰᠢᠨ᠎ᠡ ᠪᠠᠩᠬᠢ ᠶᠢᠨ ᠫᠠᠶᠢᠰᠠ ᠶᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃ ᠡᠭᠦᠨ ᠤ ᠲᠤᠯᠠᠳᠠ᠂ ᠪᠢᠳᠡ | ᠳᠣᠣᠷᠠᠬᠢ ᠭᠤᠷᠪᠠᠨ ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠪᠠ᠄ ︵ᠨᠢᠭᠡ︶ ᠤᠯᠤᠰ ᠲᠥᠷᠥ ᠶᠢᠨ | ᠤᠬᠠᠮᠰᠠᠷ ᠢᠶᠠᠨ ᠴᠢᠩᠭᠠᠳᠬᠠᠬᠤ ᠶᠢ ᠴᠢᠬᠤᠯᠠᠴᠢᠯᠠᠵᠤ᠂ ᠥᠨᠳᠥᠷ ᠲᠦᠪᠰᠢᠨ ᠪᠦᠬᠦᠢ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠶᠢ ᠠᠬᠢᠭᠤᠯᠬᠤ ᠰᠢᠨ᠎ᠡ ᠦᠵᠡᠯ ᠰᠠᠨᠠᠭ᠎ᠠ ︵ᠬᠤᠶᠠᠷ︶ ᠭᠤᠣᠯ ᠶᠡᠭᠡ ᠲᠠᠯ᠎ᠠ ᠶᠢ | ᠴᠢᠬᠤᠯᠠᠴᠢᠯᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠰᠢᠨ᠎ᠡ ᠠᠬᠢᠴᠠ ︵ᠭᠤᠷᠪᠠ︶ ᠣᠯᠵᠤ | ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠨ ᠬᠤᠶᠠᠷ | ᠠᠵᠢᠯ ᠤᠨ ᠮᠡᠳᠡᠭᠦᠯᠦᠯᠲᠡ ᠶᠢᠨ ᠠᠭᠤᠯᠭ᠎ᠠ ᠶᠢ ᠶᠠᠷᠢᠯᠴᠠᠵᠤ᠂ ᠶᠢᠨ ᠬᠤᠤ ᠪᠠᠯᠭᠠᠰᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠣᠯᠤᠨ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ | ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ ᠮᠠᠰᠢ ᠣᠯᠠᠨ ᠪᠦᠲᠦᠭᠡᠯᠴᠢ ᠴᠢᠨᠠᠷᠲᠠᠢ᠂ ᠬᠠᠨᠳᠤᠯᠭᠠᠲᠤ ᠴᠢᠨᠠᠷ | ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠬᠥᠭᠵᠢᠯᠲᠡ ᠶᠢ ᠬᠠᠮᠲᠤ ᠪᠠᠷ | ᠰᠦᠪᠡᠭᠴᠢᠯᠡᠬᠦ᠂ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠠᠷᠢᠭᠤᠴᠠᠯᠭ᠎ᠠ ᠡᠭᠦᠷᠭᠡᠯᠡᠯ ᠪᠣᠯᠤᠨ | ᠴᠤᠭ ᠪᠠᠳᠠᠷᠠᠩᠭᠤᠢ ᠥᠭᠡᠳᠡᠯᠡᠨ ᠳᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ | ᠳᠦᠷᠰᠦ ᠪᠠᠶᠢᠳᠠᠯ ᠢ ᠢᠯᠡᠷᠡᠭᠦᠯᠦᠨ᠎ᠡ᠃ | ᠳᠡᠳ᠋ ᠪᠠᠯᠭᠠᠰᠤᠨ ᠳᠠᠷᠤᠭ᠎ᠠ ᠵᠠᠩ ᠾᠧ ᠫᠢᠩ ᠨᠥᠬᠦᠷ ᠶᠡᠭᠡ ᠬᠤᠷᠠᠯ ᠳᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯ ᠪᠠᠯᠭᠠᠰᠤᠨ ᠤ ᠵᠠᠰᠠᠭ ᠤᠨ ᠣᠷᠳᠣᠨ ᠠᠴᠠ ᠪᠦᠬᠦ | ᠪᠠᠯᠭᠠᠰᠤᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠪᠠᠯᠭᠠᠰᠤᠨ ᠤ ᠵᠠᠰᠠᠭ ᠤᠨ | ᠣᠷᠳᠣᠨ ᠨᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠨᠢᠭᠡᠪᠦᠷᠢ ᠶᠢ ᠲᠣᠭᠲᠠᠭᠰᠠᠨ | ᠬᠤᠭᠤᠴᠠᠭᠠᠨ ᠳᠤ ᠵᠢᠱᠢᠭᠰᠡᠨ ᠬᠠᠷᠠᠯᠲᠠ ᠳᠠᠭᠠᠨ ᠬᠦᠷᠦᠭᠦᠯᠬᠦ ᠶᠢ ᠦᠨᠡᠨ ᠬᠦ ᠪᠠᠲᠤᠯᠠᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠦᠨᠡᠨ ᠬᠦ ︽ᠰᠣᠳᠣᠨ ᠲᠥᠷᠥᠯ ᠵᠦᠢᠯ︾ ︽ᠠᠷᠠᠳ ᠤᠨ | ᠰᠡᠳᠬᠢᠯ ᠤᠨ ᠢᠨᠵᠧᠨᠧᠷᠢᠩ︾ ᠪᠣᠯᠭᠠᠵᠤ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ | ᠦᠨᠡᠨ ᠬᠦ ᠪᠣᠳᠠᠲᠠᠢ ᠬᠢᠬᠦ ᠬᠡᠷᠡᠭᠲᠡᠢ᠃ ᠨᠢᠭᠡ ᠵᠢᠯ ᠤᠨ ᠲᠤᠷᠰᠢ᠂ ᠶᠢᠨ ᠬᠤᠤ ᠪᠠᠯᠭᠠᠰᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦ ᠵᠢᠯ ᠤᠨ ᠠᠵᠢᠯ ᠠᠴᠠ ᠴᠢᠬᠤᠯᠠ ᠵᠦᠢᠯ ᠪᠣᠯᠭᠠᠵᠤ᠂ ᠬᠠᠷᠠᠯᠲᠠ | ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠨᠢᠭᠡ ᠶᠢ ᠰᠢᠢᠳᠪᠦᠷᠢᠯᠡᠬᠦ ᠪᠠᠷ ᠴᠢᠷᠮᠠᠶᠢᠵᠤ᠂ ᠶᠢᠨ ᠬᠤᠤ ᠪᠠᠯᠭᠠᠰᠤᠨ ᠤ ᠬᠠᠭᠤᠴᠢᠨ ᠬᠦᠢ | ᠰᠤᠪᠠᠭ - ᠴᠢ ᠹᠧᠨ ᠽᠢ ᠵᠠᠮ ᠤᠨ ᠬᠡᠰᠡᠭ ᠢ ᠬᠠᠲᠠᠭᠤᠷᠠᠭᠤᠯᠬᠤ ᠢᠨᠵᠧᠨᠧᠷᠢᠩ ᠤᠨ ᠲᠥᠷᠥᠯ ᠵᠦᠢᠯ᠂ ᠶᠢᠨ ᠬᠤᠤ | ᠪᠠᠯᠭᠠᠰᠤᠨ ᠤ ᠮᠠᠨ ᠳ᠋ᠦᠩ ᠴᠢᠦᠢ - ᠯᠣᠣ ᠶᠢᠨ ᠴᠢᠦᠢ ᠵᠠᠮ ᠤᠨ ᠬᠡᠰᠡᠭ ᠢ ᠬᠠᠲᠠᠭᠤᠷᠠᠭᠤᠯᠬᠤ ᠢᠨᠵᠧᠨᠧᠷᠢᠩ ᠤᠨ | ᠲᠥᠷᠥᠯ ᠵᠦᠢᠯ᠂ ᠶᠢᠨ ᠬᠤᠤ ᠪᠠᠯᠭᠠᠰᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠢᠯ᠂ ᠶᠢᠨ | ᠬᠤᠤ ᠪᠠᠯᠭᠠᠰᠤᠨ ᠤ ᠵᠣᠯ ᠵᠢᠷᠭᠠᠯ ᠤᠨ ᠬᠦᠷᠢᠶᠡᠯᠡᠩ ᠤᠨ ᠴᠠᠬᠢᠯᠭᠠᠨ ᠲᠣᠣᠷ ᠢ ᠥᠭᠡᠷᠡᠴᠢᠯᠡᠬᠦ ᠲᠥᠷᠥᠯ ᠵᠦᠢᠯ᠂ 5 | ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦᠨ ᠢ ᠪᠡᠶᠡᠯᠡᠭᠦᠯᠵᠦ᠂ ᠣᠯᠠᠨ | ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃ | ᠡᠭᠦᠨ ᠠᠴᠠ ᠭᠠᠳᠠᠨ᠎ᠠ᠂ ᠬᠤᠷᠠᠯ ᠠᠴᠠ ᠪᠠᠰᠠ ᠶᠢᠨ ᠬᠤᠤ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ | ᠢᠲᠡᠭᠡᠮᠵᠢ ᠶᠢᠨ ᠬᠤᠷᠰᠢᠶ᠎ᠡ᠂ ᠡᠷᠡᠭᠦᠯ ᠬᠠᠮᠠᠭᠠᠯᠠᠯ ᠤᠨ ᠬᠤᠷᠢᠶ᠎ᠡ᠂ ᠲᠣᠮᠢᠯᠠᠭᠰᠠᠨ ᠰᠠᠯᠪᠤᠷᠢ᠂ ᠴᠠᠬᠢᠯᠭᠠᠨ ᠬᠠᠩᠭᠠᠬᠤ | ᠭᠠᠵᠠᠷ᠂ ᠶᠡᠭᠡ ᠰᠦᠮ᠎ᠡ ᠶᠢᠨ ᠴᠠᠬᠢᠯᠭᠠᠨ ᠬᠠᠩᠭᠠᠬᠤ ᠭᠠᠵᠠᠷ ᠤᠨ ᠲᠤᠰᠢᠶᠠᠯ ᠤᠨ ᠮᠡᠳᠡᠭᠦᠯᠦᠯᠲᠡ ᠶᠢ ᠬᠢᠨᠠᠨ | ᠶᠠᠷᠢᠯᠴᠠᠵᠤ ᠪᠠᠲᠤᠯᠠᠵᠤ᠂ ᠲᠣᠮᠢᠯᠠᠭᠰᠠᠨ ᠰᠠᠯᠪᠤᠷᠢ᠂ ᠴᠠᠬᠢᠯᠭᠠᠨ ᠬᠠᠩᠭᠠᠬᠤ ᠭᠠᠵᠠᠷ ᠣᠪᠣᠷ ᠢᠶᠠᠨ ᠢᠯᠡᠳᠬᠡᠬᠦ ᠦᠭᠡ | ᠬᠡᠯᠡᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠯᠭᠠᠰᠤᠨ ᠳᠤ ᠰᠠᠭᠤᠭ᠎ᠠ ᠨᠢᠭᠡᠴᠢ ᠶᠢᠨ ᠠᠵᠢᠯ ᠤᠨ | ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠡ᠃ | ᠡᠴᠦᠰ ᠲᠤ᠂ ᠶᠢᠨ ᠬᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠡᠷᠬᠢᠯᠡᠭᠴᠢ ᠷᠧᠨ ᠬᠤᠢ ᠨᠥᠬᠦᠷ ᠶᠠᠷᠢᠶ᠎ᠠ ᠲᠠᠯᠪᠢᠪᠠ᠃ 2024 ᠤᠨ ᠪᠣᠯ ᠮᠠᠰᠢ ᠶᠡᠷᠦ | ᠪᠤᠰᠤ ᠶᠢᠨ ᠨᠢᠭᠡ ᠵᠢᠯ ᠪᠣᠯᠤᠨ᠎ᠠ᠂ ᠥᠩᠭᠡᠷᠡᠭᠰᠡᠨ ᠢᠶᠠᠨ ᠡᠷᠭᠢᠴᠡᠭᠦᠯᠪᠡᠯ᠂ ᠪᠢᠳᠡ ᠥᠷᠢᠰᠥᠯᠳᠦᠭᠡᠨ ᠤ ᠳᠤᠮᠳᠠ | ᠡᠷᠡᠮᠡᠬᠡᠶᠢᠯᠡᠨ ᠤᠷᠤᠭᠰᠢᠯᠠᠵᠤ᠂ ᠠᠵᠠ ᠲᠣᠬᠢᠶᠠᠯ ᠤᠨ ᠳᠤᠮᠳᠠ ᠡᠷᠡᠯᠬᠡᠭᠯᠡᠨ ᠲᠡᠮᠡᠴᠡᠵᠦ᠂ ᠪᠦᠬᠦ ᠪᠠᠯᠭᠠᠰᠤᠨ ᠤ ᠡᠯ᠎ᠡ | ᠵᠦᠢᠯ ᠤᠨ ᠦᠢᠯᠡᠰ ᠢᠯᠡᠳᠲᠡ ᠦᠷ᠎ᠡ ᠪᠦᠲᠦᠮᠵᠢ ᠣᠯᠪᠠ᠃ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ | ᠲᠣᠭᠲᠠᠭᠤᠨ ᠪᠠᠶᠢᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠬᠠᠮᠵᠢᠯᠴᠠᠨ ᠬᠥᠭᠵᠢᠭᠦᠯᠵᠦ᠂ | ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠢᠯᠡᠳᠲᠡ ᠦᠷ᠎ᠡ ᠪᠦᠲᠦᠮᠵᠢ ᠣᠯᠵᠤ᠂ ᠪᠠᠯᠭᠠᠰᠤᠨ ᠤ ᠬᠡᠪᠴᠢᠶᠡᠨ ᠤ | ᠠᠵᠤ ᠠᠬᠤᠢ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠪᠡ︔ ᠲᠣᠰᠬᠤᠨ ᠤ ᠬᠠᠮᠲᠤ ᠶᠢᠨ ᠠᠵᠤ | ᠠᠬᠤᠢ ᠥᠷᠨᠢᠨ ᠬᠥᠭᠵᠢᠵᠦ᠂ 10 ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠬᠠᠮᠲᠤᠷᠠᠨ ᠥᠪᠥᠷ ᠮᠣᠩᠭᠤᠯ ᠤᠨ ᠰᠢᠨ ᠨᠦᠩ ᠶᠤᠸᠠᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ | ᠪᠠᠶᠢᠭᠤᠯᠵᠤ᠂ ᠤᠯᠠᠭᠠᠨ ᠬᠠᠯᠢᠰᠤᠨ ᠪᠤᠭᠤᠳᠠᠶ᠂ ᠹᠧᠨᠲ᠋ᠢᠶᠤᠤᠷ ᠵᠡᠷᠭᠡ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠢ ᠡᠭᠦᠳᠴᠦ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠪᠠ | ︔ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠦᠨᠳᠦᠰᠦ ᠰᠠᠭᠤᠷᠢ ᠶᠢ ᠲᠠᠯᠪᠢᠪᠠ︔ ᠠᠮᠤᠷ | ᠠᠮᠤᠭᠤᠯᠠᠩ ᠤᠨ ᠪᠠᠶᠢᠭᠤᠯᠤᠯᠲᠠ ᠬᠠᠳᠠ ᠴᠢᠯᠠᠭᠤ ᠮᠡᠲᠦ ᠲᠣᠭᠲᠠᠭᠤᠨ ᠪᠣᠯᠵᠣ᠂ ᠠᠮᠢ ᠠᠬᠤᠢ ᠶᠢᠨ ᠣᠷᠴᠢᠨ | ᠲᠣᠭᠤᠷᠢᠨ ᠡᠳᠦᠷ ᠢᠷᠡᠬᠦᠶ᠎ᠡ ᠰᠢᠯᠢᠳᠡᠭᠵᠢᠵᠦ᠂ ᠡᠨᠡ ᠬᠦ ᠠᠯᠢ ᠣᠯᠠᠨ ᠠᠷᠭ᠎ᠠ ᠬᠡᠮᠵᠢᠶ᠎ᠡ ᠨᠢ ᠰᠢᠶᠠᠩ ᠪᠠᠯᠭᠠᠰᠤᠨ ᠤ | ᠡᠶ᠎ᠡ ᠵᠣᠬᠢᠴᠠᠩᠭᠤᠢ ᠬᠥᠭᠵᠢᠯᠲᠡ ᠶᠢᠨ ᠰᠠᠶᠢᠨ ᠰᠠᠶᠢᠬᠠᠨ ᠬᠠᠭᠤᠳᠠᠰᠤ ᠶᠢ ᠬᠠᠮᠲᠤᠪᠠᠷ ᠵᠢᠷᠤᠭᠯᠠᠪᠠ᠃ ᠤᠳᠠᠯ ᠦᠭᠡᠢ | ᠬᠦᠷᠴᠦ ᠢᠷᠡᠬᠦ ᠭᠡᠵᠦ ᠪᠠᠶᠢᠭ᠎ᠠ 2025 ᠣᠨ ᠳᠤ᠂ ᠪᠢᠳᠡ ᠨᠡᠩ ᠡᠷᠡᠰ ᠪᠠᠲᠤ ᠢᠲᠡᠭᠡᠯ ᠵᠣᠷᠢᠭ᠂ ᠨᠡᠩ | ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠪᠠᠩᠬᠢ ᠶᠢᠨ ᠪᠦᠲᠦᠭᠡᠨ | ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠭᠡ | ᠲᠠᠯ᠎ᠠ ᠲᠠᠢ ᠨᠢᠭᠲᠠ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ᠂ ᠠᠷᠠᠳ ᠣᠯᠠᠨ ᠳᠤ ᠦᠢᠯᠡᠴᠢᠯᠡᠵᠦ᠂ | ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠢ ᠮᠥᠩᠭᠦᠨ ᠫᠦᠰᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠶᠡᠭᠡ ᠬᠤᠷᠠᠯ ᠠᠴᠠ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠤᠨ ᠰᠢᠢᠳᠪᠦᠷᠢ ᠪᠣᠯᠤᠨ ︽ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ︾ ᠤᠨ ᠰᠢᠢᠳᠪᠦᠷᠢ ᠶᠢ ᠪᠠᠲᠤᠯᠠᠵᠤ᠂ | ᠬᠤᠷᠠᠯ ᠳᠤ ᠣᠷᠣᠯᠴᠠᠭᠰᠠᠨ ᠪᠦᠬᠦ ᠬᠥᠮᠦᠰ ᠤᠨ ᠬᠠᠮᠲᠤ ᠶᠢᠨ ᠴᠢᠷᠮᠠᠶᠢᠯᠭ᠎ᠠ ᠪᠠᠷ᠂ ᠶᠢᠨ ᠬᠤᠤ ᠪᠠᠯᠭᠠᠰᠤᠨ ᠤ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯᠳᠤᠭᠠᠨ ᠤ ᠡᠯ᠎ᠡ ᠵᠦᠢᠯ ᠤᠨ ᠵᠥᠪᠯᠡᠬᠦ ᠵᠦᠢᠯ ᠢᠶᠠᠨ ᠤᠷᠤᠭᠰᠢᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠪᠡ︕ | | |