2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠲᠠᠲᠠᠪᠤᠷᠢᠯᠠᠨ ᠲᠤᠰᠢᠶᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ | ᠲᠥᠯᠥᠭᠡ᠂ 12 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠰᠢᠩ ᠱᠦᠨ ᠰᠢ ᠪᠠᠯᠭᠠᠰᠤ 2025 | ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠪᠣᠯᠤᠨ ᠪᠠᠯᠭᠠᠰᠤ ᠲᠣᠰᠬᠤᠨ ᠤ ᠺᠠᠳ᠋ᠷ ᠬᠤᠷᠠᠯ ᠳᠤ ᠣᠷᠣᠯᠴᠠᠪᠠ᠃ | ᠳᠠᠮᠵᠢᠭᠤᠯᠬᠤ ᠠᠵᠢᠯ ᠤᠨ ᠠᠬᠢᠴᠠ ᠶᠢᠨ ᠬᠤᠷᠠᠯ ᠳᠡᠭᠡᠷ᠎ᠡ᠂ ᠪᠥᠬᠦ ᠰᠢᠶᠠᠨ ᠤ 2025 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠠᠵᠢᠯ ᠤᠨ ᠠᠬᠢᠴᠠ ᠶᠢ ᠤᠯᠠᠮᠵᠢᠯᠠᠭᠰᠠᠨ ᠪᠥᠭᠡᠳ ᠰᠦᠢᠳᠬᠡᠯ ᠲᠤᠰᠢᠶᠠᠭᠰᠠᠨ ᠦᠭᠡᠢ ᠨᠡᠷᠡᠰ ᠢ ᠡᠯ᠎ᠡ | ᠲᠣᠰᠬᠤᠨ ᠤ ᠠᠷᠠᠳ ᠤᠨ ᠵᠥᠪᠯᠡᠯ ᠳᠤ ᠬᠤᠪᠢᠶᠠᠨ ᠥᠭᠴᠦ᠂ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠳᠤ | ᠨᠠᠷᠢᠨ ᠲᠠᠶᠢᠯᠤᠮᠵᠢ ᠬᠢᠵᠦ᠂ ᠲᠣᠰᠬᠤᠨ ᠤ ᠨᠠᠮ ᠤᠨ ᠬᠤᠷᠢᠶ᠎ᠡ ᠪᠠᠷ ᠨᠢᠭᠡᠴᠢ ᠪᠣᠯᠭᠠᠨ ᠨᠠᠷᠢᠯᠢᠭ ᠣᠨᠣᠴᠠᠲᠠᠢ ᠪᠠᠷ | ᠬᠦᠴᠦᠯᠡᠪᠡ᠃ | ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ᠃ | ᠬᠤᠷᠠᠯ ᠠᠴᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠠᠵᠢᠯ ᠪᠣᠯ ᠵᠢᠯ ᠤᠨ ᠡᠴᠦᠰ ᠤᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ᠎ᠠ᠂ ᠠᠷᠠᠳ | ᠣᠯᠠᠨ ᠤ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ᠂ ᠣᠳᠣᠬᠠᠨ ᠳᠤ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠴᠠᠭ | ᠪᠠᠴᠢᠮ᠂ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ ᠲᠣᠰᠬᠤᠨ ᠤ ᠠᠷᠠᠳ ᠤᠨ ᠵᠥᠪᠯᠡᠯ ᠡᠷᠬᠡᠪᠰᠢ ᠪᠥᠬᠦ ᠰᠢᠶᠠᠨ ᠤ | ᠨᠢᠭᠡᠳᠦᠯᠲᠡᠢ ᠱᠠᠭᠠᠷᠳᠠᠯᠭ᠎ᠠ ᠪᠣᠯᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠳᠥᠭᠦᠮ ᠣᠶᠢᠯᠠᠭᠠᠮᠵᠢᠲᠠᠢ ᠦᠭᠡ | ᠬᠡᠯᠡ ᠪᠠᠷ ᠣᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ ᠡᠷᠴᠢᠮ ᠵᠢᠴᠢ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠶᠢᠨ ᠰᠠᠶᠢᠨ ᠲᠠᠯ᠎ᠠ ᠶᠢ ᠲᠣᠳᠣᠷᠬᠠᠢ ᠶᠠᠷᠢᠵᠤ᠂ ᠰᠠᠭᠤᠭᠠᠯᠢ ᠠᠷᠠᠳ ᠤᠨ ᠦᠵᠡᠯ ᠰᠠᠨᠠᠭᠠᠨ ᠤ | ᠡᠷᠡᠭᠡᠯᠵᠡᠭᠡ ᠶᠢ ᠠᠷᠢᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠢ | ᠴᠢᠩᠭᠠᠳᠬᠠᠵᠤ᠂ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠰᠠᠨᠠᠭᠠᠴᠢᠯᠠᠭ᠎ᠠ ᠠᠴᠠ ᠪᠠᠨ | ᠳᠠᠭᠠᠳᠬᠠᠯ ᠳᠤ ᠣᠷᠣᠯᠴᠠᠬᠤ ᠶᠢ ᠤᠬᠠᠮᠰᠠᠷ ᠠᠴᠠ ᠪᠠᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮ ᠡᠮᠨᠡᠯᠭᠡ ᠶᠢᠨ ᠳᠠᠭᠠᠳᠬᠠᠯ ᠢ ᠪᠠᠰᠠ ᠲᠤᠰᠢᠶᠠᠭ᠎ᠠ ᠦᠭᠡᠢ ᠣᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠪᠠ ᠰᠦᠢᠳᠬᠡᠯ ᠲᠤᠰᠢᠶᠠᠬᠤ ᠶᠠᠪᠤᠴᠠ ᠶᠢ ᠲᠠᠶᠢᠯᠪᠤᠷᠢᠯᠠᠨ ᠥᠭᠴᠦ᠂ ᠣᠨᠴᠠᠭᠠᠢ | ᠬᠥᠮᠦᠰ ᠲᠤ ᠵᠠᠪᠠᠯ ᠳᠠᠭᠠᠳᠬᠠᠯ ᠳᠤ ᠣᠷᠣᠯᠴᠠᠬᠤ ᠠᠵᠢᠯ ᠢ ᠬᠥᠮᠦᠨ ᠨᠢᠭᠡᠪᠦᠷᠢ ᠳᠤ ᠣᠨᠣᠪᠴᠢᠲᠠᠢ ᠪᠠᠶᠢᠯᠭᠠᠵᠤ᠂ | ᠰᠠᠭᠤᠭᠠᠯᠢ ᠠᠷᠠᠳ ᠴᠠᠭ ᠲᠤᠬᠠᠢ ᠳᠤᠨᠢ ᠳᠠᠭᠠᠳᠬᠠᠯ ᠳᠤ ᠣᠷᠣᠯᠴᠠᠭᠰᠠᠨ ᠦᠭᠡᠢ᠂ ᠣᠯᠭᠤᠮᠵᠢ ᠬᠦᠷᠲᠡᠬᠦ ᠶᠢ | ᠨᠥᠯᠥᠭᠡᠯᠡᠵᠦ ᠪᠠᠶᠢᠭ᠎ᠠ ᠪᠠᠶᠢᠳᠠᠯ ᠭᠠᠷᠬᠤ ᠠᠴᠠ ᠵᠠᠶᠢᠯᠠᠰᠬᠢᠵᠦ᠂ 2025 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠤ᠂ ᠣᠯᠠᠨ ᠲᠦᠮᠡᠨ ᠳᠤ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ | ︽ᠡᠮ ᠡᠮᠨᠡᠯᠭᠡ ᠶᠢᠨ ᠳᠠᠭᠠᠳᠬᠠᠯ ᠤᠨ ᠠᠰᠢᠭ︾ ᠢ ᠪᠦᠷᠢᠨ ᠡᠳ᠋ᠯᠡᠭᠦᠯᠬᠦ ᠬᠡᠷᠡᠭᠲᠡᠢ᠃ | |